ᠣᠷᠳᠣᠰ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠪᠠᠶᠢᠴᠠᠭᠠᠨ ᠰᠢᠯᠭᠠᠬᠤ ᠲᠥᠪ ᠤᠨ  ᠳᠠᠭᠠᠭᠠᠴᠢᠯᠠᠭᠰᠠᠨ ᠲᠥᠷᠥᠯ  ᠵᠦᠢᠯ ᠨᠢ ᠰᠢᠨᠵᠢᠯᠡᠭᠡ ᠮᠡᠷᠭᠡᠵᠢᠯ ᠤᠨ ᠲᠦᠯᠦᠪᠵᠢᠬᠦᠯᠭᠡ ᠶᠢᠨ ᠲᠥᠷᠥᠯ ᠵᠦᠢᠯ ᠤᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢᠨ ᠦᠨᠡᠯᠡᠯᠲᠡ ᠶᠢᠨ ︽ᠰᠢᠯᠢᠳᠡᠭ︾ ᠲᠠᠰ ᠢ  ᠬᠦᠷᠲᠡᠪᠡ
ᠨᠡᠶᠢᠲᠡᠯᠡᠭᠰᠡᠨ ᠴᠠᠭ᠄
2024/2/22
     ᠣᠶᠢᠷ᠎ᠠ ᠳᠤ᠂ ᠣᠷᠳᠣᠰ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠪᠠᠶᠢᠴᠠᠭᠠᠨ ᠰᠢᠯᠭᠠᠬᠤ ᠲᠥᠪ ᠤᠨ ᠳᠠᠭᠠᠭᠠᠴᠢᠯᠠᠭᠰᠠᠨ ︽ᠣᠷᠳᠣᠰ ᠤᠨ ᠴᠦᠯᠯᠡᠷᠭᠡᠭ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠠᠶᠠᠨᠳᠠᠭᠠᠨ ᠰᠡᠷᠭᠦᠬᠦ ᠪᠠ ᠬᠥᠷᠥᠰᠥ ᠰᠢᠷᠣᠶ ᠶᠢ ᠬᠠᠮᠠᠭᠠᠯᠠᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾ ᠲᠥᠷᠥᠯ  ᠵᠦᠢᠯ ᠳᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢᠨ ᠦᠨᠡᠯᠡᠯᠲᠡ ᠬᠢᠵᠦ᠂ ᠡᠴᠦᠰ ᠤᠨ ᠦᠨᠡᠯᠡᠯᠲᠡ ᠳᠤ ︽ᠰᠢᠯᠢᠳᠡᠭ︾ ᠭᠡᠬᠦ ᠳ᠋ᠦᠩᠨᠡᠯᠲᠡ ᠤᠯᠪᠠ᠃ ᠲᠣᠰ ᠲᠥᠷᠥᠯ ᠵᠦᠢᠯ ᠨᠢ 2021 ᠣᠨ ᠳᠤ ᠵᠥᠪᠰᠢᠶᠡᠷᠡᠭᠳᠡᠨ ᠬᠡᠷᠡᠭᠵᠢᠬᠦᠯᠦᠭᠳᠡᠵᠦ᠂ 3 ᠵᠢᠯ ᠤᠨ ᠲᠤᠷᠰᠢ᠂ ᠨᠢᠭᠡᠨᠲᠡ 1000 ᠮᠥ ᠵᠢᠱᠢᠶ᠎ᠡ ᠦᠵᠡᠭᠦᠯᠬᠦ ᠣᠷᠣᠨ ᠪᠠᠶᠢᠭᠤᠯᠵᠤ᠂ 170 ᠭᠠᠷᠤᠢ ᠮᠠᠯᠴᠢᠨ ᠲᠠᠷᠢᠶᠠᠴᠢᠨ ᠳᠤ ᠪᠣᠯᠪᠠᠰᠤᠷᠠᠯ ᠬᠦᠷᠲᠡᠭᠡᠵᠦ᠂ ᠲᠤᠰᠬᠠᠶ ᠪᠦᠲᠦᠭᠡᠯ 1᠎ ᠶᠢ ᠪᠡᠶᠡᠯᠡᠭᠦᠯᠵᠦ᠂ ᠲᠤᠰᠬᠠᠶ ᠠᠰᠢᠭ 13 ᠵᠦᠢᠯ ᠭᠤᠶᠤᠴᠢᠯᠠᠵᠤ᠂ ᠣᠷᠣᠨ ᠨᠤᠲᠤᠭ ᠤᠨ ᠪᠠᠷᠢᠮᠵᠢᠶ᠎ᠠ 1 ᠵᠦᠢᠯ ᠳᠤᠷᠠᠳᠤᠭᠰᠠᠨ ᠪᠥᠭᠡᠳ ᠲᠥᠷᠥᠯ ᠵᠦᠢᠯ ᠲᠣᠭᠲᠠᠭᠠᠵᠤ ᠬᠢᠨᠠᠨ ᠪᠠᠶᠢᠴᠠᠭᠠᠬᠤ ᠪᠠᠷ ᠳᠡᠮᠵᠢᠨ᠂ ᠵᠥᠭᠡᠯᠡᠨ ᠲᠣᠨᠤᠭ ᠤᠨ ᠵᠣᠬᠢᠶᠠᠯ ᠪᠦᠲᠦᠭᠡᠯ ᠤᠨ ᠡᠷᠬᠡ ᠶᠢ 7 ᠬᠤᠪᠢ ᠳᠡᠩᠰᠡᠯᠡᠵᠦ᠂ ᠴᠦᠯᠯᠡᠷᠭᠡᠭ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠬᠠᠮᠢᠶ᠎ᠠ ᠪᠥᠬᠦᠶ ᠮᠡᠷᠭᠡᠵᠢᠯ ᠤᠨ ᠠᠷᠭ᠎ᠠ ᠶᠢ 4 ᠵᠦᠢᠯ ᠳᠤᠷᠠᠳᠴᠤ᠂ ᠣᠷᠳᠣᠰ ᠤᠨ ᠴᠦᠯᠯᠡᠷᠭᠡᠭ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠳᠤ ᠳᠣᠭᠢᠷᠠᠬᠤ ᠡᠪᠡᠰᠦ ᠪᠡᠯᠴᠢᠭᠡᠷ ᠤᠨ ᠰᠢᠨ᠎ᠡ ᠦᠷ᠎ᠡ ᠶᠢ 1 ᠬᠤᠪᠢ ᠰᠢᠭᠰᠢᠨ ᠰᠣᠩᠭᠤᠵᠤ᠂ ᠡᠷᠳᠡᠮ ᠰᠢᠨᠵᠢᠯᠡᠭᠡᠨ ᠤ ᠥᠭᠦᠯᠡᠯ 13 ᠨᠡᠶᠢᠲᠡᠯᠡᠵᠡᠶ᠃      ᠲᠣᠰ ᠲᠥᠷᠥᠯ ᠵᠦᠢᠯ ᠨᠢ ᠴᠦᠯᠯᠡᠷᠭᠡᠭ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠴᠦᠯᠯᠡᠷᠭᠡᠭ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠢᠯᠡᠳᠲᠡ ᠰᠠᠶᠢᠵᠢᠷᠠᠵᠤ᠂ ᠪᠡᠯᠴᠢᠭᠡᠷ ᠤᠨ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠰᠤᠷᠪᠤᠯᠵᠢ ᠶᠢ ᠬᠠᠳᠠᠭᠠᠯᠠᠬᠤ ᠴᠢᠳᠠᠮᠵᠢ ᠢᠯᠡᠳᠲᠡ ᠳᠡᠭᠡᠭᠰᠢᠯᠡᠪᠡ᠃ ᠲᠥᠷᠥᠯ ᠵᠦᠢᠯ ᠢ ᠴᠢᠨᠠᠭᠰᠢᠳᠠ ᠳᠡᠯᠭᠡᠷᠡᠭᠦᠯᠦᠨ ᠬᠡᠷᠡᠭᠯᠡᠬᠦ ᠨᠢ ᠣᠷᠳᠣᠰ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠴᠢᠨᠠᠷ ᠰᠠᠶᠢᠲᠠᠶ ᠵᠠᠰᠠᠯᠲᠠ ᠶᠢᠨ ᠠᠬᠢᠴᠠ ᠶᠢ ᠪᠦᠲᠦᠮᠵᠢᠲᠡᠶ ᠳᠡᠭᠡᠭᠰᠢᠯᠡᠭᠦᠯᠵᠦ᠂ ᠬᠡᠲᠦᠷᠡᠲᠡᠯ᠎ᠡ ᠠᠰᠢᠭᠯᠠᠭᠰᠠᠨ ᠠᠴᠠ ᠪᠣᠯᠵᠣ ᠲᠠᠴᠢᠷᠳᠠᠭᠰᠠᠨ ᠨᠤᠲᠤᠭ ᠪᠡᠯᠴᠢᠭᠡᠷ ᠤᠨ ᠡᠯᠡᠰᠦᠷᠬᠡᠭᠵᠢᠬᠦ ᠠᠬᠢᠴᠠ ᠶᠢ ᠨᠠᠮᠳᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ᠂ ᠦᠢᠯᠡᠳᠪᠦᠷᠢᠯᠡᠯ ᠤᠨ ᠴᠢᠳᠠᠮᠵᠢ ᠶᠢ ᠳᠡᠭᠡᠭᠰᠢᠯᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ ᠬᠡᠪ ᠤᠨ ᠦᠢᠯᠡᠳᠪᠦᠷᠢᠯᠡᠯ ᠪᠠ ᠠᠮᠢᠳᠤᠷᠠᠯ ᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠬᠠᠩᠭᠠᠬᠤ ᠪᠣᠯᠤᠨ᠎ᠠ᠃
W020240221592466083100 (1).jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号