| ᠠᠯᠠᠱᠠ ᠠᠶᠢᠮᠠᠭ ᠤᠨ ᠪᠠᠷᠠᠭᠤᠨ ᠬᠡᠰᠡᠭ ᠤᠨ ᠴᠦᠯᠯᠡᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ | ᠬᠤᠶᠠᠳᠤᠭᠠᠷ ᠬᠤᠭᠤᠴᠠᠭ᠎ᠠ︶ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢ ᠤᠯᠠᠮ | ᠨᠢᠭᠡ ᠠᠯᠬᠤᠮ ᠲᠦᠯᠬᠢᠨ ᠠᠬᠢᠭᠤᠯᠵᠤ᠂ ᠲᠥᠷᠥᠯ ᠵᠦᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ | ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠠᠯᠠᠱᠠ ᠪᠠᠷᠠᠭᠤᠨ | ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ᠂ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠲᠥᠷᠥᠯ ᠵᠦᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ | ᠳᠥᠯᠭᠢᠨ ᠠᠬᠢᠭᠤᠯᠵᠤ ᠪᠠᠶᠢᠨ᠎ᠠ᠃ | ᠲᠥᠷᠥᠯ ᠵᠦᠢᠯ ᠤᠨ ᠠᠵᠢᠯ ᠤᠨ ᠲᠥᠯᠥᠪᠯᠡᠭᠡ ᠶᠢ ᠤᠷᠢᠳᠴᠢᠯᠠᠨᠲ᠋ᠦ᠋ᠰᠦᠪᠯᠡᠪᠡ᠃ | 12 ᠰᠠᠷ᠎ᠠ ᠶᠢᠨ 11 ᠤ ᠡᠳᠦᠷ᠂ ᠠᠯᠠᠱᠠ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠠᠯᠠᠱᠠ ᠠᠶᠢᠮᠠᠭ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠲᠤᠰᠬᠠᠶ ᠠᠬᠢᠭᠤᠯᠬᠤ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠠᠴᠠ ᠪᠠᠷᠠᠭᠤᠨ ᠬᠡᠰᠡᠭ ᠤᠨ ᠴᠦᠯᠯᠡᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠠᠬᠢᠴᠠ ᠶᠢᠨ ᠪᠠᠶᠢᠳᠠᠯ ᠵᠢᠴᠢ | ᠣᠷᠣᠰᠢᠵᠤ ᠪᠠᠶᠢᠭ᠎ᠠ ᠬᠦᠴᠢᠷᠳᠡᠯ ᠢ ᠰᠤᠳᠤᠯᠤᠭᠰᠠᠨ ᠪᠥᠭᠡᠳ ᠬᠠᠨᠳᠤᠯᠭᠠᠲᠤ ᠴᠢᠨᠠᠷᠲᠠᠶ ᠠᠵᠢᠯ ᠤᠨ ᠰᠡᠳᠬᠢᠮᠵᠢ ᠶᠢ | ᠳᠤᠷᠠᠳᠤᠨ ᠭᠠᠷᠭᠠᠪᠠ᠃ | ᠲᠥᠷᠥᠯ ᠵᠦᠢᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠪᠡ᠃ | ᠠᠯᠠᠱᠠ ᠪᠠᠷᠠᠭᠤᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠷᠠᠭᠤᠨ | ᠬᠡᠰᠡᠭ ᠤᠨ ᠴᠦᠯᠯᠡᠷᠬᠡᠭᠵᠢᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ | ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠠᠵᠢᠯᠲᠠᠨ | ᠵᠢᠴᠢ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠲᠥᠷᠥᠯ ᠵᠦᠢᠯ ᠤᠨ ᠶᠠᠰᠤ ᠴᠢᠨᠠᠷ ᠪᠠ ᠦᠷ᠎ᠡ | ᠠᠰᠢᠭ ᠢ ᠵᠢᠱᠢᠭᠰᠡᠨ ᠬᠠᠷᠠᠯᠲᠠ ᠳᠤ ᠬᠦᠷᠦᠭᠦᠯᠬᠦ ᠶᠢ ᠦᠨᠡᠨ ᠬᠦ ᠪᠠᠲᠤᠯᠠᠪᠠ᠃ | ᠲᠥᠷᠥᠯ ᠵᠦᠢᠯ ᠤᠨ ᠲᠤᠰᠬᠠᠶ ᠬᠢᠨᠠᠨ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠶᠠᠪᠤᠭᠳᠠᠭᠤᠯᠪᠠ᠃ | 12 ᠰᠠᠷ᠎ᠠ ᠶᠢᠨ 20 ᠠᠴᠠ 25 ᠤ ᠡᠳᠦᠷ ᠪᠣᠯᠲᠠᠯ᠎ᠠ᠂ ᠲᠤᠰᠬᠠᠶ ᠠᠵᠢᠯ ᠤᠨ ᠳᠤᠭᠤᠶᠢᠯᠠᠩ ᠤᠨ ᠠᠵᠢᠯᠲᠠᠳ | ᠡᠯ᠎ᠡ ᠰᠤᠮᠤ ᠪᠠᠯᠭᠠᠰᠤᠨ ᠳᠤ 2024 ᠣᠨ ᠤ ᠢᠨᠵᠧᠨᠧᠷᠢᠩ ᠢ ᠬᠡᠷᠡᠭᠵᠢᠭᠦᠯᠦᠭᠰᠡᠨ ᠭᠠᠵᠠᠷ ᠤᠨ | ᠨᠠᠶᠢᠳᠠᠪᠤᠷᠢᠵᠢᠭᠤᠯᠤᠯᠲᠠ ᠶᠢ ᠪᠠᠶᠢᠴᠠᠭᠠᠬᠤ ᠠᠵᠢᠯ ᠢ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠠᠵᠢᠯᠲᠠᠳ | ᠤᠯᠤᠰ ᠤᠨ ᠭᠠᠵᠠᠷ ᠰᠢᠷᠣᠶ ᠶᠢᠨ ᠭᠤᠷᠪᠠᠨ ᠲᠣᠬᠢᠷᠠᠭᠤᠯᠤᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠨ᠂ | ᠣᠶᠢᠵᠢᠭᠤᠯᠤᠯᠲᠠ ᠵᠢᠴᠢ ᠡᠪᠡᠰᠦ ᠳᠠᠷᠢᠭᠰᠠᠨ ᠭᠠᠵᠠᠷ ᠤᠨ ᠲᠠᠯᠠᠪᠠᠶ᠂ ᠪᠠᠶᠢᠷᠢᠰᠢᠯ᠂ ᠤᠷᠭᠤᠴᠠ ᠶᠢᠨ ᠨᠥᠬᠦᠴᠡᠯ᠂ | ᠤᠰᠤᠨ ᠤ ᠡᠬᠢ ᠪᠠᠶᠠᠯᠢᠭ ᠤᠨ ᠪᠠᠶᠢᠳᠠᠯ ᠪᠠ ᠪᠡᠯᠴᠢᠭᠡᠷ ᠮᠠᠯ ᠤᠨ ᠪᠠᠶᠢᠳᠠᠯ ᠳᠤ ᠨᠠᠷᠢᠨ ᠨᠢᠮᠪᠠᠶ ᠪᠠᠶᠢᠴᠠᠭᠠᠨ | ᠰᠤᠳᠤᠯᠤᠯᠲᠠ ᠬᠢᠵᠦ᠂ ᠨᠠᠷᠢᠨ ᠲᠣᠳᠣᠷᠬᠠᠶ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ ᠭᠠᠷᠭᠠᠵᠤ᠂ ᠣᠲᠣ | ᠨᠢᠭᠡᠨᠲᠡ ᠶᠡᠷᠦᠩᠬᠡᠶ ᠢᠨᠵᠧᠨᠧᠷᠢᠩ ᠢ ᠨᠠᠶᠢᠳᠠᠪᠤᠷᠢᠵᠢᠭᠤᠯᠤᠨ ᠪᠠᠶᠢᠴᠠᠭᠠᠬᠤ ᠠᠵᠢᠯ ᠤᠨ 75 % ᠶᠢ ᠪᠡᠶᠡᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠠᠯᠠᠱᠠ ᠪᠠᠷᠠᠭᠤᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠤᠰᠤᠨ ᠤ ᠶᠠᠪᠤᠳᠠᠯ ᠤᠨ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ᠂ ᠮᠠᠯᠴᠢᠨ ᠲᠠᠷᠢᠶᠠᠴᠢᠨ ᠲᠠᠢ | ᠬᠠᠮᠲᠤᠷᠠᠵᠤ ᠦᠯᠡᠳᠡᠭᠰᠡᠨ ᠭᠠᠵᠠᠷ ᠢ ᠨᠠᠶᠢᠳᠠᠪᠤᠷᠢᠵᠢᠭᠤᠯᠵᠤ᠂ 2024 ᠣᠨ ᠤ ᠬᠠᠪᠤᠷ ᠤᠨ ᠤᠯᠠᠷᠢᠯ ᠤᠨ | ᠣᠶᠢᠵᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠯᠠᠱᠠ ᠠᠶᠢᠮᠠᠭ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ |