ᠤᠷᠳᠤᠰ ᠬᠤᠳᠠ ᠶᠢᠨ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤ ᠠᠴᠠ ᠬᠤᠶᠢᠰᠢ 2.5 ᠺᠢᠯᠦᠮᠧᠲᠷ ᠤᠨ ᠵᠠᠢ ᠳᠤ ᠪᠠᠶᠢᠷᠢᠯᠠᠬᠤ ᠨᠠᠭᠤᠷ ᠲᠤ 1000 ᠭᠠᠷᠤᠢ ᠨᠡᠭᠦᠳᠡᠯ ᠤᠨ ᠰᠢᠪᠠᠭᠤᠳ ᠢᠷᠡᠵᠦ ᠡᠪᠦᠯᠵᠢᠵᠡᠢ
ᠨᠡᠶᠢᠲᠡᠯᠡᠭᠰᠡᠨ ᠴᠠᠭ᠄
2024/2/26
      ᠤᠶᠢᠷ᠎ᠠ ᠳᠤ᠂ ᠤᠷᠳᠤᠰ ᠬᠤᠳᠠ ᠶᠢᠨ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤ ᠠᠴᠠ ᠬᠤᠶᠢᠰᠢ 2.5 ᠺᠢᠯᠦᠮᠧᠲᠷ ᠤᠨ ᠵᠠᠢ ᠳᠤ ᠪᠠᠶᠢᠷᠢᠯᠠᠬᠤ ᠨᠠᠭᠤᠷ ᠲᠤ ᠠᠩᠭᠢᠷ᠂ ᠬᠤᠨ ᠭᠠᠯᠠᠭᠤ᠂ ᠬᠡᠭᠡᠷ᠎ᠠ ᠶᠢᠨ ᠨᠤᠭᠤᠰᠤ ᠵᠡᠷᠭᠡ 1000 ᠭᠠᠷᠤᠢ ᠨᠡᠭᠦᠳᠡᠯ ᠤᠨ ᠰᠢᠪᠠᠭᠤᠳ ᠢᠷᠡᠵᠦ ᠡᠪᠦᠯᠵᠢᠵᠡᠢ᠃ ᠣᠶᠢᠯᠠᠭᠠᠭᠰᠠᠨ ᠢᠶᠠᠷ᠂ ᠳᠤᠰ ᠨᠠᠭᠤᠷ ᠪᠤᠯ ᠤᠳᠤᠭ ᠤᠨ ᠡᠮᠦᠨᠡᠲᠦ ᠬᠤᠰᠢᠭᠤᠨ ᠤ ᠤᠯᠵᠠᠴᠢ ᠪᠠᠯᠭᠠᠰᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠰᠢᠢᠳᠪᠦᠷᠢᠯᠡᠭᠰᠡᠨ ᠰᠠᠭᠠᠷᠮᠠᠭ ᠤᠰᠤ ᠨᠢ ᠠᠭᠠᠵᠢᠮ ᠢᠶᠠᠷ ᠨᠠᠭᠤᠷ ᠪᠤᠯᠤᠨ ᠪᠦᠷᠢᠯᠳᠦᠵᠦ᠂ ᠠᠮᠢ ᠠᠬᠤᠢ ᠰᠠᠶᠢᠵᠢᠷᠠᠬᠤ ᠶᠢ ᠳᠠᠭᠠᠯᠳᠤᠨ ᠨᠤᠭᠤ ᠭᠠᠵᠠᠷ ᠪᠤᠯᠤᠨ ᠪᠦᠷᠢᠯᠳᠦᠵᠦ᠂ ᠨᠡᠬᠦᠳᠡᠯ ᠤᠨ ᠰᠢᠪᠠᠭᠤᠳ ᠤᠨ ᠰᠠᠶᠢᠬᠠᠨ ᠡᠪᠦᠯᠵᠢᠶ᠎ᠡ ᠪᠤᠯᠤᠭᠰᠠᠨ ᠪᠠᠶᠢᠨ᠎ᠠ᠃ ᠵᠢᠷᠤᠭ ᠪᠤᠯ ᠨᠡᠬᠦᠳᠡᠯ ᠤᠨ ᠰᠢᠪᠠᠭᠤᠳ ᠲᠤᠭᠯᠠᠨ ᠲᠡᠪᠳᠡᠷᠢᠵᠤ ᠪᠠᠶᠢᠭ᠎ᠠ ᠨᠢ᠃
6384430008924439003956617.png
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号