ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ  ︽  ᠴᠠᠭᠠᠨ ᠰᠠᠷ᠎ᠠ ᠶᠢ ᠪᠢ ᠠᠵᠢᠯ ᠤᠨ ᠪᠠᠶᠢᠷᠢ ᠳᠠᠭᠠᠨ ᠦᠩᠭᠡᠷᠡᠭᠦᠯᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/26
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠡᠷᠢᠶᠡᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃
W020240221594372354171.jpg
ᠮᠣᠳᠣᠨ ᠮᠠᠲ᠋ᠧᠷᠢᠶᠠᠯ ᠤᠨ ᠲᠤᠬᠠᠶ ᠶᠢᠨ ᠲᠠᠯᠠᠪᠠᠶ ᠶᠢᠨ ᠬᠢᠵᠢᠭ ᠪᠠᠶᠢᠴᠠᠭᠠᠬᠤ ᠲᠥᠪ ᠪᠣᠯ ᠪᠠᠶᠠᠷ ᠳᠤᠷᠠᠰᠬᠠᠯ ᠤᠨ ᠠᠮᠠᠷᠠᠯᠲᠠ ᠶᠢᠨ ᠬᠤᠭᠤᠴᠠᠭᠠᠨ ᠳᠤ ᠠᠵᠢᠯ  ᠤᠨ ᠪᠠᠶᠢᠷᠢ ᠪᠠᠨ ᠰᠠᠬᠢᠭᠰᠠᠨ ᠨᠢᠭᠡᠴᠡ ᠪᠤᠯᠤᠨ᠎ᠠ᠃ ᠤᠳᠠᠭ᠎ᠠ ᠪᠦᠷᠢ ᠶᠢᠨ ᠰᠤᠷᠤᠯᠴᠠᠯᠭ᠎ᠠ ᠳᠤᠮᠳᠠ᠂ ᠮᠣᠳᠣᠨ ᠮᠠᠲ᠋ᠧᠷᠢᠶᠠᠯ ᠤᠨ ᠲᠤᠬᠠᠢ ᠶᠢᠨ ᠲᠠᠯᠠᠪᠠᠢ ᠶᠢᠨ ᠬᠢᠵᠢᠭ ᠤᠨ ᠪᠠᠶᠢᠳᠠᠯ ᠢ ᠪᠠᠶᠢᠴᠠᠭᠠᠬᠤ ᠠᠵᠢᠯᠲᠠᠳ ᠶᠡᠷᠦᠩᠬᠡᠢ ᠱᠦᠵᠢ ᠶᠢᠨ ᠰᠡᠷᠡᠮᠵᠢᠯᠡᠭᠦᠯᠦᠯ ᠢ ᠴᠠᠭ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠬᠦ ᠪᠣᠯ ᠬᠠᠮᠤᠭ ᠤᠨ ᠶᠡᠭᠡ ᠵᠠᠰᠠᠭ ᠤᠨ ᠠᠵᠢᠯ ᠤᠨ ᠠᠮᠵᠢᠯᠲᠠ ᠮᠥᠨ ᠭᠡᠬᠦ ᠨᠠᠮᠴᠢ ᠴᠢᠨᠠᠷ ᠤᠨ ᠵᠣᠷᠢᠯᠲᠠ ᠪᠣᠯᠤᠨ ᠬᠠᠷᠠᠯᠲᠠ ᠶᠢ ᠦᠢᠯᠡᠳᠦᠯᠭᠡᠵᠢᠬᠦᠯᠦᠭᠰᠡᠨ ᠶᠠᠪᠤᠳᠠᠯ ᠪᠣᠯᠤᠨ᠎ᠠ᠃
W020240226531186894862.jpg
     ᠡᠨᠡᠬᠦ ᠠᠵᠢᠯ ᠢ ᠨᠡᠩ ᠰᠠᠶᠢᠲᠤᠷ ᠥᠷᠨᠢᠭᠦᠯᠬᠦ ᠶᠢᠨ ᠲᠤᠰᠠᠳᠠ᠂ ᠴᠠᠭᠠᠨ ᠰᠠᠷ᠎ᠠ ᠶᠢᠨ ᠬᠤᠭᠤᠴᠠᠭᠠᠨ ᠳᠤ ︽ᠴᠠᠭᠠᠨ ᠰᠠᠷ᠎ᠠ ᠶᠢ ᠪᠢ ᠠᠵᠢᠯ ᠤᠨ ᠪᠠᠶᠢᠷᠢ ᠳᠠᠭᠠᠨ ᠦᠩᠭᠡᠷᠡᠭᠦᠯᠬᠦ︾ ᠠᠵᠢᠯᠯᠠᠭ᠎ᠠ ᠥᠷᠨᠢᠭᠦᠯᠵᠦ᠂ ᠵᠠᠷᠢᠮ ᠬᠡᠷᠡᠭᠰᠡᠯ ᠤᠨ ᠮᠣᠳᠣᠨ ᠤ ᠲᠡᠭᠡᠭᠡᠪᠦᠷᠢ ᠶᠢᠨ ᠲᠡᠷᠭᠡ ᠬᠥᠰᠬᠡ ᠳᠤ ᠴᠢᠭᠯᠡᠭᠦᠯᠦᠨ ᠬᠢᠵᠢᠭ ᠪᠠᠶᠢᠴᠠᠭᠠᠬᠤ ᠦᠨᠡᠮᠯᠡᠯ ᠢ ᠬᠢᠨᠠᠨ ᠣᠯᠭᠤᠬᠤ ᠠᠵᠢᠯ ᠢ ᠥᠷᠨᠢᠭᠦᠯᠪᠡ᠃ ᠲᠥᠪ ᠤᠨ ᠠᠵᠢᠯᠲᠠᠨ ᠬᠡᠳᠦ᠋ᠢᠪᠡᠷ ᠴᠥᠭᠡᠨ ᠪᠣᠯᠪᠠᠴᠤ ᠪᠥᠬᠦ ᠠᠵᠢᠯᠲᠠᠳ ᠴᠥᠮ ᠡᠨᠡᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠪᠠᠶᠠᠷ ᠳᠤᠷᠠᠰᠬᠠᠯ ᠤᠨ ᠠᠮᠠᠷᠠᠯᠲᠠ ᠪᠠᠨ ᠰᠠᠨᠠᠭᠠᠴᠢᠯᠠᠭ᠎ᠠ ᠠᠴᠠ ᠪᠠᠨ ᠲᠠᠶᠠᠭᠳᠠᠵᠤ᠂ ᠪᠥᠬᠦ ᠬᠤᠲᠠ ᠶᠢᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠮᠣᠳᠣᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠪᠠᠷᠠᠭᠠᠨ ᠤ ᠭᠦᠢᠯᠭᠡᠭᠡ ᠶᠢ ᠪᠠᠲᠤᠯᠠᠪᠠ᠃
W020240226531186924533.jpg
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号