ᠬᠥᠬᠡᠬᠤᠲᠠ 2023 ᠣᠨ ᠤ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ ᠳᠤ ᠰᠢᠯᠢᠳᠡᠭ ᠢᠶᠠᠷ ᠦᠨᠠᠯᠡᠭᠳᠡᠭᠰᠡᠨ ᠭᠠᠵᠠᠷ ᠣᠷᠣᠨ ᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2024/2/27
      2 ᠰᠠᠷ᠎ᠠ ᠶᠢᠨ 23᠎ ᠤ ᠡᠳᠦᠷ᠂ ᠬᠥᠬᠡᠬᠤᠲᠠ ᠪᠥᠬᠦ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠬᠤᠷᠠᠯ ᠬᠤᠷᠠᠯᠳᠤᠭᠤᠯᠵᠤ᠂ 2023 ᠣᠨ ᠤ ᠪᠥᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠤᠭᠰᠠᠨ ᠪᠥᠭᠡᠳ 2023 ᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ ᠳᠤ ᠰᠢᠯᠢᠳᠡᠭ ᠭᠠᠵᠠᠷ ᠣᠷᠣᠨ ᠢ ᠬᠥᠬᠢᠭᠦᠯᠦᠨ ᠰᠠᠶᠢᠰᠢᠶᠠᠪᠠ᠃       ︽ᠬᠥᠬᠡᠬᠤᠲᠠ ᠶᠢᠨ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠦᠨᠳᠦᠰᠦᠯᠡᠨ᠂ ᠬᠥᠬᠡᠬᠤᠲᠠ ᠶᠢᠨ ᠣᠶ ᠰᠢᠭᠤᠢ ᠶᠢᠨ ᠳᠠᠷᠤᠭ᠎ᠠ ᠶᠢᠨ ᠠᠯᠪᠠᠨ ᠬᠡᠷ ᠠᠵᠢᠯ ᠤᠨ ᠪᠠᠲᠤᠯᠠᠭ᠎ᠠ᠂ ᠡᠬᠢ ᠪᠠᠶᠠᠯᠢᠭ ᠤᠨ ᠬᠠᠮᠠᠭᠠᠯᠠᠯᠲᠠ᠂ ᠭᠤᠤᠯᠳᠠᠯᠭ᠎ᠠ ᠲᠠᠢ ᠲᠥᠷᠥᠯ ᠵᠦᠢᠯ ᠵᠡᠷᠭᠡ 9 ᠵᠦᠢᠯ 74 ᠵᠤᠷᠪᠤᠰ ᠤᠨ ᠬᠢᠨᠠᠨ ᠰᠢᠯᠭᠠᠬᠤ ᠨᠠᠷᠢᠨ ᠲᠦᠷᠢᠮ ᠶᠣᠰᠣᠭᠠᠷ ᠪᠥᠬᠦ ᠬᠤᠲᠠ ᠶᠢᠨ 9 ᠬᠤᠰᠢᠭᠤ ᠰᠢᠶᠠᠨ ᠲᠣᠭᠤᠷᠢᠭ ᠤᠨ 2023 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ ᠬᠢᠨᠠᠨ ᠰᠢᠯᠭᠠᠵᠤ᠂ ᠬᠤᠷᠢᠨᠭᠡᠷ ᠰᠢᠶᠠᠨ᠂ ᠦᠴᠦᠸᠠᠨ ᠰᠢᠶᠠᠨ᠂ ᠰᠠᠶᠢᠬᠠᠨ ᠲᠣᠭᠤᠷᠢᠭ᠂ ᠴᠢᠩ ᠱᠦᠶ ᠾᠧ ᠰᠢᠶᠠᠨ ᠵᠡᠷᠭᠡ 4 ᠭᠠᠵᠠᠷ ᠣᠷᠣᠨ ᠰᠢᠯᠢᠳᠡᠭ ᠢᠶᠠᠷ ᠦᠨᠡᠯᠡᠭᠳᠡᠪᠡ᠃
2.jpg 
︵2023 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠬᠢᠨᠠᠨ ᠰᠢᠯᠭᠠᠭᠰᠠᠨ ᠰᠢᠯᠢᠳᠡᠭ ᠭᠠᠵᠠᠷ ᠣᠷᠣᠨ ᠳᠤ ᠱᠠᠩᠨᠠᠯ ᠣᠯᠭᠤᠨ᠎ᠠ︶᠃       ᠬᠤᠷᠠᠯ ᠠᠴᠠ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠢᠨᠠᠨ ᠰᠢᠯᠭᠠᠯᠲᠠ ᠳᠤ ᠡᠯ᠎ᠡ ᠭᠠᠵᠠᠷ ᠣᠷᠣᠨ ᠤ ᠨᠢᠭᠡ ᠵᠢᠯ ᠤᠨ ᠲᠤᠷᠰᠢᠬᠢ ᠠᠵᠢᠯ ᠤᠨ ᠦᠷ᠎ᠡ ᠪᠦᠲᠦᠮᠵᠢ ᠪᠣᠯᠤᠨ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠲᠤᠰᠬᠠᠪᠠ᠃ 2023 ᠣᠨ ᠳᠤ ᠬᠥᠬᠡᠬᠤᠲᠠ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠪᠣᠯᠤᠨ ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠬᠦ ᠲᠣᠭᠤᠷᠢᠨ ᠳᠤ ︽ᠬᠤᠶᠠᠷ ᠬᠠᠯᠬᠠᠪᠴᠢ᠂ ᠲᠦᠷᠪᠡᠨ ᠪᠦᠰᠡ︾᠎ ᠶᠢᠨ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢᠨ ᠬᠠᠷᠠᠯᠲᠠ ᠶᠢ ᠲᠣᠭᠲᠠᠭᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠰᠢᠯᠢᠳᠡᠭ ᠦᠨᠠᠯᠡᠭᠳᠡᠭᠰᠡᠨ ᠭᠠᠵᠠᠷ ᠣᠷᠣᠨ ᠢᠷᠠᠭᠤ ᠠᠯᠳᠠᠷ ᠢᠶᠠᠨ ᠨᠠᠨᠳᠢᠩᠨᠠᠨ᠂ ᠠᠮᠵᠢᠯᠲᠠ ᠪᠠᠨ ᠪᠠᠳᠠᠷᠠᠭᠤᠯᠤᠨ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ᠃ ᠤᠢ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠤᠯᠠᠨ ᠺᠠᠳ᠋ᠷ ᠤᠯᠠᠨ ᠲᠦᠮᠡᠨ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠪᠠᠨ ᠴᠢᠨᠠᠭᠰᠢᠳᠠ ᠳᠡᠭᠡᠭᠰᠢᠯᠡᠭᠦᠯᠵᠦ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢᠶᠠᠷ ᠭᠠᠷᠳᠠᠴᠠ ᠪᠣᠯᠭᠠᠨ ᠣᠷᠣᠨ ᠤ ᠲᠥᠪ ᠤᠨ ᠤᠢ ᠰᠢᠭᠤᠢ ᠨᠤᠲᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠭᠰᠠᠨ ᠣᠷᠣᠨ ᠤ ᠲᠥᠪ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
3.jpg
︵2023 ᠣᠨ ᠤ ᠣᠶ ᠰᠢᠭᠤᠢ ᠶᠢᠨ ᠳᠠᠷᠤᠭ᠎ᠠ ᠶᠢᠨ ᠲᠦᠷᠢᠮ ᠢ ᠬᠢᠨᠠᠨ ᠰᠢᠯᠭᠠᠭᠰᠠᠨ ᠰᠢᠯᠢᠳᠡᠭ ᠭᠠᠵᠠᠷ ᠣᠷᠣᠨ ᠳᠤ ᠱᠠᠩᠨᠠᠯ ᠣᠯᠭᠤᠨ᠎ᠠ︶᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号