ᠣᠶᠢᠷ᠎ᠠ ᠳᠤ᠂ ᠨᠠᠮ ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ︵ᠳᠣᠷᠣᠭᠰᠢ ︽ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ᠂ ︽ᠳᠦᠷᠢᠮ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠨᠠᠮ ᠤᠨ ᠳᠦᠷᠢᠮ ᠢᠶᠠᠷ ᠦᠨᠳᠦᠰᠦᠨ ᠦᠨᠳᠦᠰᠦᠯᠡᠯ ᠪᠤᠯᠭᠠᠵᠤ᠂ ᠰᠢᠨ᠎ᠡ ᠴᠠᠭ | ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳ᠋ᠦᠩᠨᠡᠵᠦ᠂ ᠲᠣᠭᠤᠷᠢᠨ ᠪᠠᠶᠢᠴᠠᠭᠠᠬᠤ | ᠠᠵᠢᠯ ᠤᠨ ᠪᠠᠶᠢᠭᠤᠯᠤᠮᠵᠢ ᠲᠣᠭᠲᠠᠴᠠ᠂ ᠬᠠᠷᠢᠭᠤᠴᠠᠯᠭ᠎ᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠭᠦᠯᠬᠦ ᠨᠢ | ᠨᠠᠮ ᠤᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠳᠦᠷᠢᠮ︾ | ᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠤᠬᠠᠭᠤᠯᠤᠨ | ᠲᠠᠶᠢᠯᠪᠤᠷᠢᠯᠠᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠰᠠᠶᠢᠲᠤᠷ ᠠᠳᠬᠤᠵᠤ᠂ ︽ᠳᠦᠷᠢᠮ︾ ᠤᠨ ᠡᠯ᠎ᠡ ᠵᠦᠢᠯ ᠤᠨ | ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ | ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠪᠠᠷ | ᠦᠨᠳᠦᠰᠦᠨ ᠡᠭᠦᠷᠭᠡ ᠪᠤᠯᠭᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠵᠤ᠂ ᠣᠨᠣᠴᠠᠲᠠᠢ ᠪᠤᠯᠭᠠᠵᠤ᠂ | ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠴᠢᠩᠭᠠᠳᠬᠠᠬᠤ ᠲᠠᠯ᠎ᠠ ᠪᠠᠷ ᠦᠨᠡᠨ ᠪᠣᠳᠠᠲᠠᠢ ᠠᠵᠢᠯ ᠬᠢᠵᠦ᠂ ᠪᠣᠳᠠᠲᠤ ᠦᠷ᠎ᠡ ᠪᠦᠲᠦᠮᠵᠢ ᠣᠯᠬᠤ ᠶᠢ ᠡᠷᠬᠢᠮᠯᠡᠨ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠶᠡᠷᠦᠩᠬᠡᠶᠢᠯᠡᠨ ᠰᠠᠶᠢᠲᠤᠷ ᠬᠡᠷᠡᠭᠯᠡᠵᠦ᠂ | ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠤᠷᠢᠨ | ᠪᠠᠶᠢᠴᠠᠭᠠᠯᠲᠠ ᠶᠢᠨ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠤᠷᠢᠨ | ᠪᠠᠶᠢᠴᠠᠭᠠᠬᠤ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠬᠤ | ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠨ ᠪᠠᠶᠢᠴᠠᠭᠠᠬᠤ ᠪᠠᠷ ᠴᠠᠭᠳᠠᠨ ᠪᠠᠶᠢᠴᠠᠭᠠᠬᠤ ᠶᠢ | ᠳᠠᠭᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠤᠨ ᠳᠠᠪᠠᠭᠤᠯᠢᠭ ᠢ | ᠪᠠᠳᠠᠷᠠᠭᠤᠯᠵᠤ᠂ ᠬᠢᠨᠠᠯᠲᠠ ᠲᠠᠯᠪᠢᠬᠤ ᠲᠣᠣᠷ ᠢ ᠪᠠᠲᠤ ᠪᠠᠬᠢ ᠨᠢᠭᠲᠠ ᠰᠦᠯᠵᠢᠬᠦ ᠬᠡᠷᠡᠭᠲᠡᠢ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠪᠠᠶᠢᠳᠠᠯ ᠪᠠ | ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠳᠦᠷᠢᠮ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ | ︵2015 ᠣᠨ ᠤ 6 ᠰᠠᠷ᠎ᠠ ᠶᠢᠨ 26 ᠤ ᠡᠳᠦᠷ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠪᠡ 2015 ᠣᠨ ᠤ 8 ᠰᠠᠷ᠎ᠠ ᠶᠢᠨ 3 ᠤ ᠡᠳᠦᠷ | ᠨᠠᠮ ᠤᠨ ᠲᠥᠪ ᠬᠤᠷᠢᠶ᠎ᠠ ᠨᠡᠶᠢᠲᠡᠯᠡᠪᠡ 2024 ᠣᠨ ᠤ 1 ᠰᠠᠷ᠎ᠠ ᠶᠢᠨ 31 ᠤ ᠡᠳᠦᠷ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠠᠴᠠ ᠬᠤᠶᠠᠷᠳᠠᠭᠢ ᠤᠳᠠᠭ᠎ᠠ ᠵᠠᠰᠠᠪᠤᠷᠢ ᠣᠷᠣᠭᠤᠯᠪᠠ | 2024 ᠣᠨ ᠤ 2 ᠰᠠᠷ᠎ᠠ ᠶᠢᠨ 8 ᠤ ᠡᠳᠦᠷ ᠨᠠᠮ ᠤᠨ ᠲᠥᠪ ᠬᠤᠷᠢᠶ᠎ᠠ ᠨᠡᠶᠢᠲᠡᠯᠡᠪᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠠᠮ ᠤᠨ ᠲᠣᠭᠤᠷᠢᠨ ᠪᠠᠶᠢᠴᠠᠭᠠᠬᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠢ | ᠦᠨᠳᠦᠰᠦᠯᠡᠵᠦ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠪᠣᠯ ᠳᠡᠭᠡᠳᠦ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠠᠴᠠ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠤᠳᠤᠷᠢᠳᠬᠤ | ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠠᠯᠪᠢᠬᠤ ᠤᠯᠤᠰ ᠲᠦᠷᠦ ᠶᠢᠨ ᠬᠢᠨᠠᠯᠲᠠ ᠪᠣᠯᠣᠨ᠎ᠠ᠂ | ᠦᠨᠳᠦᠰᠦᠨ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠭᠤᠣᠯᠯᠠᠭᠴᠢ᠂ | ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠡᠷᠡᠰ ᠬᠠᠮᠠᠭᠠᠯᠠᠬᠤ ᠶᠠᠪᠤᠳᠠᠯ ᠪᠣᠯᠣᠨ᠎ᠠ᠃ | ᠲᠣᠭᠤᠷᠢᠨ ᠪᠠᠶᠢᠴᠠᠭᠠᠬᠤ ᠠᠵᠢᠯ ᠳᠤ ᠠᠰᠠᠭᠤᠳᠠᠯ ᠢ ᠢᠯᠡᠷᠡᠭᠦᠯᠬᠦ᠂ ᠰᠦᠷ ᠬᠦᠴᠦᠲᠦ ᠪᠠᠶᠢᠳᠠᠯ ᠢ ᠪᠤᠢ ᠪᠤᠯᠭᠠᠬᠤ᠂ | ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ ᠴᠢᠭᠯᠡᠯᠲᠡ ᠶᠢ ᠪᠠᠷᠢᠮᠲᠠᠯᠠᠨ᠎ᠠ᠃ | ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠳᠦᠷᠢᠮ ᠢ ᠡᠷᠬᠢᠮᠯᠡᠨ | ᠳᠡᠭᠡᠳᠦᠯᠡᠵᠦ᠂ ᠳᠦᠷᠢᠮ ᠲᠣᠭᠲᠠᠭᠠᠯ ᠶᠣᠰᠣᠭᠠᠷ ᠨᠠᠮ ᠢ ᠵᠠᠰᠠᠵᠤ᠂ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ | ᠣᠨᠣᠴᠠᠲᠠᠢ ᠪᠤᠯᠭᠠᠬᠤ᠂ ᠪᠠᠶᠢᠩᠭᠤᠵᠢᠭᠤᠯᠬᠤ ᠶᠢ ᠠᠬᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ | ᠬᠤᠷᠴᠠ ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ | ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠬᠦ ᠶᠢ ᠠᠬᠢᠭᠤᠯᠵᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ | ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ᠂ ᠶᠡᠭᠡ ᠨᠠᠮ ᠳᠤ ᠯᠡ ᠪᠠᠶᠢᠳᠠᠭ ᠬᠦᠴᠢᠷ | ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠵᠤ᠂ ᠨᠠᠮ ᠤᠨ ᠢᠮᠠᠭᠲᠠ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠦᠨᠡᠨ | ᠬᠦ ᠪᠠᠲᠤᠯᠠᠨ᠎ᠠ᠃ | ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠳᠤ ᠳᠣᠣᠷᠠᠬᠢ ᠵᠠᠷᠴᠢᠮ ᠤᠳ ᠢ ᠵᠢᠷᠤᠮᠯᠠᠨ᠎ᠠ᠄ | ︵ᠨᠢᠭᠡ︶ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠂ ᠱᠠᠲᠤ ᠬᠤᠪᠢᠶᠠᠨ | ᠬᠠᠷᠢᠭᠤᠴᠠᠬᠤ ᠶᠢ ᠪᠠᠷᠢᠮᠲᠠᠯᠠᠨ᠎ᠠ︔ | ︵ᠬᠤᠶᠠᠷ︶ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ︔ | ︵ᠭᠤᠷᠪᠠ︶ ᠠᠷᠠᠳ ᠲᠦᠮᠡᠨ ᠤ ᠵᠣᠭᠰᠣᠯᠲᠠ ᠶᠢ ᠪᠠᠷᠢᠮᠲᠠᠯᠠᠵᠤ᠂ ᠤᠯᠡᠠ ᠲᠦᠮᠡᠨᠴᠢ ᠱᠤᠭᠤᠮ ᠢ | ᠲᠤᠭᠤᠰᠢᠯᠠᠭᠤᠯᠤᠨ᠎ᠠ︔ | ︵ᠳᠥᠷᠪᠡ︶ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ | ᠪᠠᠳᠠᠷᠠᠭᠤᠯᠤᠨ᠎ᠠ︔ | ︵ᠲᠠᠪᠤ︶ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ | ᠵᠢᠷᠤᠮᠯᠠᠬᠤ ᠶᠢ ᠪᠠᠷᠢᠮᠲᠠᠯᠠᠨ᠎ᠠ᠃ | ᠬᠤᠶᠠᠳᠤᠭᠠᠷ ᠪᠦᠯᠦᠭ ᠵᠣᠬᠢᠶᠠᠨ ᠪᠠᠶᠢᠭᠤᠯᠵᠤ ᠤᠳᠤᠷᠢᠳᠬᠤ ᠪᠠ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ | ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠨᠠᠮ ᠤᠨ ᠵᠣᠬᠢᠶᠠᠨ ᠪᠠᠶᠢᠭᠤᠯᠤᠯᠲᠠ ᠱᠠᠲᠤ ᠬᠤᠪᠢᠶᠠᠨ ᠬᠠᠷᠢᠭᠤᠴᠠᠬᠤ᠂ | ᠲᠣᠭᠤᠷᠢᠨ ᠪᠠᠶᠢᠴᠠᠭᠠᠬᠤ ᠪᠠᠶᠢᠭᠤᠯᠤᠮᠵᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠪᠠᠶᠢᠭᠤᠯᠭ᠎ᠠ ᠪᠠ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠠᠮᠵᠢᠯᠴᠠᠬᠤ᠂ ᠬᠤᠯᠪᠣᠭᠳᠠᠯ | ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠳᠡᠮᠵᠢᠬᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ | ᠪᠠᠶᠢᠭᠤᠯᠤᠯᠲᠠ ᠬᠠᠮᠵᠢᠯᠴᠠᠬᠤ᠂ ᠠᠷᠠᠳ ᠤᠯᠠᠨ ᠣᠷᠤᠯᠴᠠᠬᠤ ᠪᠠᠶᠢᠭᠤᠯᠤᠮᠵᠢ ᠲᠣᠭᠲᠠᠴᠠ ᠶᠢ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠨᠠᠮ ᠤᠨ ᠲᠥᠪ ᠬᠤᠷᠢᠶ᠎ᠠ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ ᠶᠢᠨ ᠬᠤᠷᠢᠶ᠎ᠠ ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ | ᠪᠠᠶᠢᠭᠤᠯᠤᠮᠵᠢ ᠪᠠᠶᠢᠭᠤᠯᠬᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠣᠷᠣᠨ ᠨᠤᠲᠤᠭ᠂ | ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ | ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠠ ᠲᠥᠪ ᠠᠴᠠ ᠬᠠᠮᠢᠶᠠᠷᠬᠤ ᠮᠥᠩᠭᠦᠨ | ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠠᠵᠤ ᠠᠬᠤᠶᠢᠯᠠᠯ᠂ ᠲᠥᠪ ᠠᠴᠠ ᠬᠠᠮᠢᠶᠠᠷᠬᠤ ᠶᠡᠭᠡ | ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠠᠵᠢᠯ ᠤᠨ | ᠬᠡᠷᠡᠭᠴᠡᠭᠡ ᠪᠠᠨ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ᠂ ᠲᠣᠭᠤᠷᠢᠨ ᠪᠠᠶᠢᠴᠠᠭᠠᠬᠤ | ᠪᠠᠶᠢᠭᠤᠯᠤᠮᠵᠢ ᠪᠠᠶᠢᠭᠤᠯᠬᠤ᠂ ᠵᠠᠷᠴᠢᠮ ᠳᠡᠭᠡᠷ᠎ᠡ ᠪᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠶᠠᠯᠠᠭᠳᠠᠬᠤ | ᠬᠠᠷᠢᠴᠠᠭ᠎ᠠ ᠪᠠ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠳᠣᠣᠷ᠎ᠠ ᠨᠢᠭᠡ ᠱᠠᠲᠤᠨ ᠤ | ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠨ᠎ᠠ᠃ | ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠶᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠪᠦᠭᠦ | ᠲᠠᠯ᠎ᠠ ᠪᠠᠷ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠭᠠᠷᠳᠠᠴᠠ ᠪᠤᠯᠭᠠᠵᠤ᠂ | ᠲᠣᠭᠤᠷᠢᠨ ᠪᠠᠶᠢᠴᠠᠭᠠᠬᠤ ᠠᠵᠢᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠪᠡᠯ ᠵᠣᠬᠢᠨ᠎ᠠ᠃ ᠭᠤᠣᠯ | ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠤᠨ ᠪᠠᠶᠢᠷᠢᠯᠠᠭᠤᠯᠵᠤ᠂ | ᠡᠷᠬᠡ ᠶᠢᠨ ᠬᠡᠪᠴᠢᠶ᠎ᠡ ᠶᠣᠰᠣᠭᠠᠷ ᠲᠣᠭᠤᠷᠢᠨ ᠪᠠᠶᠢᠴᠠᠭᠠᠬᠤ ᠠᠵᠢᠯ ᠤᠨ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠬᠲᠠᠭᠠᠨ᠎ᠠ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ | ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ ᠬᠢᠨᠠᠨ ᠲᠣᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠪᠦᠭᠦᠨ ᠢ | ᠪᠦᠷᠬᠦᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ | ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔ | ︵ᠲᠠᠪᠤ︶ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠠᠵᠢᠯ ᠤᠨ ᠳᠡᠭᠡᠳᠦ ᠳᠣᠣᠷᠠᠳᠤ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠲᠠᠪᠴᠠᠩ ᠤᠨ ᠦᠢᠯᠡᠳᠦᠯ ᠢ | ᠪᠠᠳᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠶᠢ | ᠠᠭᠢᠭᠤᠯᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠬᠤ ᠪᠠᠶᠢᠭᠤᠯᠤᠮᠵᠢ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ︔ | ︵ᠨᠠᠢᠮᠠ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠲᠣᠭᠲᠠᠭᠠᠨ᠎ᠠ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠬᠤ ᠠᠵᠢᠯ ᠤᠨ | ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠨ᠎ᠡ᠃ | ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠎ᠠ᠃ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ | ᠬᠠᠷᠢᠭᠤᠴᠠᠬᠤ ᠪᠥᠭᠡᠳ ᠠᠵᠢᠯ ᠢᠶᠠᠨ ᠬᠠᠷᠢᠭᠤ ᠮᠡᠳᠡᠭᠦᠯᠦᠨ᠎ᠡ᠃ | ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ | ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠣᠯᠣᠨ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠳᠦᠷ ᠳᠤᠳᠤᠮ ᠤᠨ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠳᠡᠳ᠋ ᠱᠦᠵᠢ ᠡᠭᠦᠷᠭᠡᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠡᠭᠦᠷᠭᠡᠯᠡᠵᠦ᠂ ᠳᠤᠭᠤᠶᠢᠯᠠᠩ ᠤᠨ ᠳᠡᠳ᠋ ᠳᠠᠷᠤᠭ᠎ᠠ ᠶᠢᠨ | ᠲᠤᠰᠢᠶᠠᠯ ᠢ ᠡᠩ ᠤᠨ ᠪᠠᠶᠢᠳᠠᠯ ᠳᠤ ᠠᠳᠠᠯᠢ ᠱᠠᠲᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠡᠭᠦᠷᠭᠡᠯᠡᠨ᠎ᠡ᠃ | ᠲᠥᠪ ᠤᠨ ᠬᠠᠮᠢᠶ᠎ᠠ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ | ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠶᠢᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ | ᠱᠦᠵᠢ ︵ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠪᠠᠶᠢᠭᠤᠯᠤᠭᠰᠠᠨ ᠦᠭᠡᠢ ᠨᠢᠭᠡᠴᠢ ᠶᠢᠨ | ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠠᠭᠲᠠᠨ᠎ᠠ︶ ᠡᠭᠦᠷᠭᠡᠯᠡᠵᠦ᠂ ᠳᠤᠭᠤᠶᠢᠯᠠᠩ ᠤᠨ ᠳᠡᠳ᠋ | ᠳᠠᠷᠤᠭ᠎ᠠ ᠶᠢᠨ ᠲᠤᠰᠢᠶᠠᠯ ᠢ ᠡᠩ ᠤᠨ ᠪᠠᠶᠢᠳᠠᠯ ᠳᠤ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ | ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ ᠪᠦᠷᠢᠯᠳᠦᠭᠦᠨ ᠪᠠ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃ | ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠲᠥᠯᠦᠪᠵᠢᠭᠦᠯᠭᠡ᠂ ᠣᠨ ᠤ ᠲᠥᠯᠥᠪᠯᠡᠭᠡ ᠪᠣᠯᠣᠨ ᠱᠠᠲᠤ | ᠦᠶ᠎ᠡ ᠶᠢᠨ ᠡᠭᠦᠷᠭᠡ ᠶᠢᠨ ᠲᠣᠬᠢᠷᠠᠭᠤᠯᠤᠯᠲᠠ ᠶᠢ ᠰᠤᠳᠤᠯᠤᠨ ᠳᠤᠷᠠᠳᠴᠤ᠂ ᠲᠣᠭᠤᠷᠢᠨ ᠪᠠᠶᠢᠴᠠᠭᠠᠯᠲᠠ ᠶᠢ ᠪᠦᠭᠦᠨ ᠢ | ᠪᠦᠷᠬᠦᠭᠦᠯᠬᠦ ᠶᠢ ᠵᠣᠬᠢᠶᠠᠨ ᠪᠠᠶᠢᠭᠤᠯᠤᠨ ᠭᠡᠷᠡᠭᠵᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ︔ | ︵ᠳᠥᠷᠪᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠭᠰᠠᠨ | ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠦᠨ᠎ᠡ︔ | ︵ᠲᠠᠪᠤ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷ᠎ᠠ᠂ ᠲᠣᠭᠤᠷᠢᠨ | ᠪᠠᠶᠢᠴᠠᠭᠠᠵᠤ ᠬᠠᠷᠢᠭᠤ ᠲᠤᠰᠬᠠᠬᠤ᠂ ᠵᠠᠷᠯᠠᠨ ᠮᠡᠳᠡᠭᠳᠡᠬᠦ ᠪᠠ ᠰᠢᠯᠵᠢᠭᠦᠯᠦᠨ ᠲᠤᠰᠢᠶᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠭᠢᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠬᠤ | ᠴᠠᠭᠳᠠᠨ ᠪᠠᠶᠢᠴᠠᠭᠠᠬᠤ ᠠᠵᠢᠯ ᠢ ᠵᠢᠯᠣᠭᠤᠳᠤᠨ᠎ᠠ︔ | ︵ᠲᠤᠯᠤᠭ᠎ᠠ︶ ᠲᠣᠭᠤᠷᠢᠨ ᠪᠠᠶᠢᠴᠠᠭᠠᠵᠤ ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ | ᠵᠣᠬᠢᠴᠠᠭᠤᠯᠬᠤ ᠶᠢ ᠠᠭᠢᠭᠤᠯᠤᠨ᠎ᠠ︔ | ︵ᠨᠠᠢᠮᠠ︶ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠲᠣᠭᠤᠷᠢᠨ | ᠪᠠᠶᠢᠴᠠᠭᠠᠬᠤ ᠳᠤᠭᠤᠶᠢᠯᠠᠩ ᠳᠤ ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠪᠤᠰᠤᠳ ᠴᠢᠬᠤᠯᠠ ᠵᠦᠢᠯᠡᠰ ᠢ ᠰᠤᠳᠤᠯᠤᠨ ᠰᠢᠢᠳᠪᠦᠷᠢᠯᠡᠨ᠎ᠡ᠃ | | ᠠᠷᠪᠠᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠪᠣᠯ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ | ᠬᠡᠷᠡᠭ ᠡᠷᠭᠢᠯᠡᠭᠦ ᠪᠠᠶᠢᠭᠤᠯᠤᠮᠵᠢ ᠮᠥᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠤ ᠭᠠᠷᠭᠠᠨ᠎ᠠ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯ ᠨᠠᠮ ᠤᠨ ᠬᠤᠷᠢᠶ᠎ᠠ ᠶᠢᠨ ᠠᠵᠢᠯ ᠤᠨ | ᠰᠠᠯᠠᠭ᠎ᠠ ᠮᠥᠴᠢᠷ ᠪᠣᠯᠣᠨ᠎ᠠ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠭᠡᠯᠡᠵᠦ᠂ ᠠᠳᠠᠯᠢ ᠱᠠᠲᠤᠨ ᠤ ᠨᠠᠮ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠳᠤ ᠭᠠᠷᠭᠠᠨ᠎ᠠ᠃ | ᠲᠥᠪ ᠤᠨ ᠬᠤᠯᠪᠣᠭᠳᠠᠯ ᠪᠦᠬᠦᠢ ᠶᠠᠮᠤᠨ ᠵᠥᠪᠯᠡᠯ᠂ ᠲᠥᠪ ᠤᠨ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ | ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠪᠣᠯᠣᠨ ᠲᠥᠪ ᠠᠴᠠ ᠬᠠᠮᠢᠶᠠᠷᠴᠤ | ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ᠂ | ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠡᠷᠭᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ | ᠲᠤᠰᠠᠭᠠᠷ ᠪᠠᠶᠢᠭᠤᠯᠵᠤ ᠪᠣᠯᠣᠨ᠎ᠠ᠂ ᠪᠠᠰᠠ ᠳᠣᠲᠣᠭᠠᠳᠤ ᠪᠠᠶᠢᠭᠤᠯᠤᠮᠵᠢ ᠲᠠᠢ ᠪᠠᠨ ᠵᠠᠬᠢᠷᠭ᠎ᠠ ᠨᠡᠶᠢᠯᠡᠭᠦᠯᠦᠨ ᠠᠯᠪᠠᠯᠠᠵᠤ | ᠪᠣᠯᠣᠨ᠎ᠠ᠂ ᠵᠣᠬᠢᠬᠤ ᠲᠤᠰᠬᠠᠢ ᠲᠤᠰᠢᠶᠠᠯ ᠤᠨ ᠠᠵᠢᠯᠲᠠᠨ ᠲᠣᠬᠢᠷᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ᠂ | ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠳᠤᠳᠤᠮ ᠤᠨ | ᠠᠵᠢᠯ ᠢ ᠡᠭᠦᠷᠭᠡᠯᠡᠨ᠎ᠡ᠃ | ᠠᠷᠪᠠᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠳᠠᠯᠢ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ | ᠲᠣᠭᠲᠠᠭᠠᠯ ᠤᠨ ᠵᠦᠢᠯᠡᠰ ᠢ ᠱᠠᠯᠠᠪᠳᠠᠭᠤᠯᠤᠨ ᠰᠢᠢᠳᠪᠦᠷᠢᠯᠡᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠠᠵᠢᠯ ᠤᠨ ᠪᠠᠶᠢᠳᠠᠯ | ᠪᠣᠯᠣᠨ ᠴᠢᠬᠤᠯᠠ ᠵᠦᠢᠯᠡᠰ ᠢ ᠬᠠᠷᠢᠭᠤ ᠮᠡᠳᠡᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠨᠢᠭᠡᠳᠦᠯᠲᠡᠢ | ᠲᠥᠯᠥᠪᠵᠢᠭᠦᠯᠵᠦ᠂ ᠵᠣᠬᠢᠴᠠᠭᠤᠯᠵᠤ᠂ ᠵᠢᠯᠤᠭᠤᠳᠴᠤ᠂ ᠪᠠᠲᠤᠯᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠮᠥᠷᠳᠡᠨ ᠱᠠᠯᠠᠪᠳᠠᠭᠤᠯᠬᠤ᠂ ᠬᠤᠷᠢᠶᠠᠩᠭᠤᠶᠢᠯᠠᠨ ᠬᠠᠷᠢᠭᠤ | ᠮᠡᠳᠡᠭᠦᠯᠬᠦ ᠶᠢ ᠬᠠᠷᠢᠭᠤᠴᠠᠨ᠎ᠠ︔ | ︵ᠲᠠᠪᠤ︶ ᠳᠣᠣᠷᠠᠳᠤ ᠱᠠᠲᠤᠨ ᠤ ᠲᠣᠭᠤᠷᠢᠨ ᠪᠠᠶᠢᠴᠠᠭᠠᠬᠤ ᠴᠠᠭᠳᠠᠨ ᠪᠠᠶᠢᠴᠠᠭᠠᠬᠤ ᠪᠠᠶᠢᠭᠤᠯᠤᠮᠵᠢ ᠳᠤ | ᠵᠢᠯᠣᠭᠤᠳᠤᠯᠭ᠎ᠠ ᠬᠢᠬᠦ ᠶᠢ ᠬᠠᠷᠢᠭᠤᠴᠠᠨ᠎ᠠ︔ | ︵ᠵᠢᠷᠭᠤᠭ᠎ᠠ︶ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠣᠭᠤᠷᠢᠨ ᠪᠠᠶᠢᠴᠠᠭᠠᠬᠤ | ᠠᠵᠢᠯ ᠳᠤ ᠬᠠᠮᠵᠢᠯᠴᠠᠬᠤ᠂ ᠳᠡᠮᠵᠢᠯᠭᠡ ᠦᠵᠡᠭᠦᠯᠭᠦ ᠶᠢ ᠬᠠᠷᠢᠭᠤᠴᠠᠨ ᠵᠣᠬᠢᠴᠠᠭᠤᠯᠵᠤ᠂ ᠲᠣᠭᠤᠷᠢᠨ ᠪᠠᠶᠢᠴᠠᠭᠠᠬᠤ | ᠬᠢᠨᠠᠯᠲᠠ ᠪᠠ ᠪᠤᠰᠤᠳ ᠬᠢᠨᠠᠯᠲᠠ ᠶᠢ ᠨᠡᠪᠲᠡᠷᠡᠭᠦᠯᠦᠨ ᠵᠣᠬᠢᠴᠠᠭᠤᠯᠬᠤ ᠪᠣᠳᠠᠲᠠᠢ ᠲᠣᠭᠲᠠᠴᠠ ᠶᠢ ᠪᠠᠶᠢᠭᠤᠯᠬᠤ ᠶᠢ | ᠠᠭᠢᠭᠤᠯᠤᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠣᠨᠣᠯ ᠤᠨ ᠰᠤᠳᠤᠯᠭᠠᠨ᠂ ᠲᠥᠷᠥ ᠶᠢᠨ ᠪᠣᠳᠣᠯᠭ᠎ᠠ ᠶᠢᠨ | ᠪᠠᠶᠢᠴᠠᠭᠠᠨ ᠰᠤᠳᠤᠯᠤᠯᠲᠠ᠂ ᠳᠦᠷᠢᠮ ᠤᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ | ᠠᠵᠢᠯ ᠢ ᠬᠠᠷᠢᠭᠤᠴᠠᠨ᠎ᠠ︔ | ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠣᠭᠤᠷᠢᠨ ᠪᠠᠶᠢᠴᠠᠭᠠᠬᠤ ᠺᠠᠳ᠋ᠷ ᠢ | ᠬᠥᠮᠥᠵᠢᠭᠦᠯᠬᠦ᠂ ᠪᠤᠯᠪᠠᠰᠤᠷᠠᠭᠤᠯᠬᠤ᠂ ᠬᠢᠨᠠᠨ ᠰᠢᠯᠭᠠᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | | ︵ᠶᠢᠰᠦ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ︵ᠠᠷᠪᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠵᠦᠢᠯᠡᠰ ᠢ ᠭᠦᠢᠴᠡᠳᠬᠡᠨ᠎ᠡ᠃ | ᠠᠷᠪᠠᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠳᠤ ᠲᠣᠰ ᠲᠣᠰ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ | ᠳᠡᠳ᠋ ᠳᠠᠷᠤᠭ᠎ᠠ᠂ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠪᠠ ᠪᠤᠰᠤᠳ ᠲᠤᠰᠢᠶᠠᠯ ᠤᠨ ᠪᠠᠶᠢᠷᠢ ᠭᠠᠷᠭᠠᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠪᠣᠳᠠᠲᠠᠢ | ᠵᠢᠱᠢᠭᠳᠡᠭᠴᠢ ᠶᠢ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠬᠤ ᠶᠢᠨ | ᠬᠠᠮᠲᠤ ᠡᠷᠬᠡ ᠣᠯᠭᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠶᠣᠰᠣᠭᠠᠷ | ᠴᠢᠬᠤᠯᠠ ᠶᠡᠭᠡ ᠵᠦᠢᠯᠡᠰ ᠢ ᠰᠤᠳᠤᠯᠤᠨ ᠶᠠᠷᠢᠯᠴᠠᠵᠤ ᠲᠣᠭᠲᠠᠭᠠᠬᠤ ᠬᠡᠷᠡᠭᠲᠡᠢ᠃ ᠳᠤᠭᠤᠶᠢᠯᠠᠩ ᠤᠨ ᠳᠠᠷᠤᠭ᠎ᠠ ᠨᠢ | ᠲᠤᠰ ᠳᠤᠭᠤᠶᠢᠯᠠᠩ ᠤᠨ ᠢᠶᠠᠨ ᠠᠵᠢᠯ ᠢ ᠪᠦᠭᠦ ᠲᠠᠯ᠎ᠠ ᠪᠠᠷ ᠬᠠᠷᠢᠭᠤᠴᠠᠵᠤ᠂ ᠳᠤᠭᠤᠶᠢᠯᠠᠩ ᠤᠨ ᠳᠡᠳ᠋ ᠳᠠᠷᠤᠭ᠎ᠠ ᠨᠢ | ᠳᠤᠭᠤᠶᠢᠯᠠᠩ ᠤᠨ ᠳᠠᠷᠤᠭ᠎ᠠ ᠪᠠᠨ ᠬᠠᠮᠵᠢᠯᠴᠠᠨ ᠠᠵᠢᠯ ᠥᠷᠨᠢᠭᠦᠯᠦᠨ᠎ᠡ᠃ | ᠠᠷᠪᠠᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠭᠤᠣᠯ ᠲᠤᠰᠢᠶᠠᠯ ᠬᠠᠷᠢᠭᠤᠴᠠᠯᠭ᠎ᠠ | ᠪᠣᠯ᠄ | ︵ᠨᠢᠭᠡ︶ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠲᠣᠭᠤᠷᠢᠨ | ᠪᠠᠶᠢᠴᠠᠭᠠᠯᠲᠠ ᠥᠷᠨᠢᠭᠦᠯᠦᠨ᠎ᠡ︔ | ︵ᠬᠤᠶᠠᠷ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠭᠰᠠᠨ | ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠤᠨ᠎ᠠ︔ | ︵ᠭᠤᠷᠪᠠ︶ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ | ᠪᠠᠶᠢᠴᠠᠭᠠᠭᠰᠠᠨ ᠰᠠᠨᠠᠯ ᠢ ᠬᠠᠷᠢᠭᠤ ᠲᠤᠰᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ ᠳᠤ ᠲᠣᠭᠤᠷᠢᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠪᠣᠯᠣᠨ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ᠂ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠠᠬᠢᠭᠤᠯᠬᠤ ᠳᠤ ᠣᠷᠣᠯᠴᠠᠨ᠎ᠠ | ︔ | ︵ᠳᠥᠷᠪᠡ︶ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠺᠠᠳ᠋ᠷᠴᠤᠳ ᠲᠤ ᠡᠳᠦᠷ ᠳᠤᠳᠤᠮ ᠤᠨ ᠬᠥᠮᠦᠵᠢᠯ᠂ | ᠬᠠᠮᠢᠶᠠᠷᠤᠯᠲᠠ ᠪᠠ ᠬᠢᠨᠠᠯᠲᠠ ᠲᠠᠯᠪᠢᠨ᠎ᠠ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ | ᠵᠦᠢᠯᠡᠰ ᠢ ᠭᠦᠢᠴᠡᠳᠬᠡᠨ᠎ᠡ᠃ | ᠠᠷᠪᠠᠨ ᠳᠥᠷᠪᠡᠳᠦᠭᠡᠷ ᠵᠦᠢᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠵᠦ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ᠂ | ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠵᠠᠬᠢᠳᠠᠯ ᠰᠤᠷᠪᠤᠯᠵᠢᠯᠠᠯ | ᠵᠡᠷᠭᠡ ᠰᠠᠯᠠᠭ᠎ᠠ ᠮᠥᠴᠢᠷ ᠪᠠ ᠨᠢᠭᠡᠴᠢ ᠲᠣᠭᠤᠷᠢᠨ ᠪᠠᠶᠢᠴᠠᠭᠠᠬᠤ ᠠᠵᠢᠯ ᠢ ᠳᠡᠮᠵᠢᠵᠦ᠂ ᠠᠵᠢᠯᠲᠠᠨ ᠢ ᠰᠣᠩᠭᠤᠨ | ᠲᠣᠮᠢᠯᠠᠬᠤ᠂ ᠪᠠᠶᠢᠳᠠᠯ ᠢ ᠮᠡᠳᠡᠭᠳᠡᠬᠦ᠂ ᠲᠦᠷᠦ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠰᠠᠭᠤᠳᠠᠯ ᠢ ᠰᠤᠳᠤᠯᠤᠨ | ᠮᠠᠭᠠᠳᠯᠠᠬᠤ᠂ ᠠᠷᠭ᠎ᠠ ᠬᠡᠮᠵᠢᠶ᠎ᠡ ᠶᠢ ᠬᠠᠮᠵᠢᠯᠴᠠᠬᠤ᠂ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ᠂ ᠦᠷ᠎ᠡ | ᠪᠦᠲᠦᠭᠡᠯ ᠢ ᠬᠡᠷᠡᠭᠯᠡᠬᠦ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ | ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢ | ᠬᠠᠮᠵᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠬᠤ ᠬᠢᠨᠠᠯᠲᠠ ᠶᠢ | ᠬᠦᠯᠢᠶᠡᠵᠦ᠂ ᠲᠣᠭᠤᠷᠢᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠲᠡᠢ᠃ | ᠨᠠᠮ ᠤᠨ ᠭᠡᠰᠢᠭᠦᠨ᠂ ᠺᠠᠳ᠋ᠷᠴᠤᠳ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠦᠨᠡᠨ | ᠮᠥᠨ ᠢᠶᠠᠷ ᠨᠢ ᠲᠤᠰᠬᠠᠬᠤ ᠡᠭᠦᠷᠭᠡ ᠲᠠᠢ᠃ | ᠭᠤᠷᠪᠠᠳᠤᠭᠠᠷ ᠪᠦᠯᠦᠭ ᠲᠣᠭᠤᠷᠢᠨ ᠪᠠᠶᠢᠴᠠᠭᠠᠬᠤ ᠡᠲᠡᠭᠡᠳ ᠪᠠ ᠠᠭᠤᠯᠭ᠎ᠠ | ᠠᠷᠪᠠᠨ ᠵᠢᠷᠭᠤᠳᠤᠭᠠᠷ ᠵᠦᠢᠯ ᠲᠥᠪ ᠤᠨ ᠲᠣᠭᠤᠷᠢᠨ ᠪᠠᠶᠢᠴᠠᠭᠠᠬᠤ ᠡᠲᠡᠭᠡᠳ ᠪᠣᠯ᠄ | ︵ᠨᠢᠭᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠵᠢᠴᠢ | ᠲᠡᠭᠦᠨ ᠤ ᠤᠳᠤᠷᠢᠳᠬᠤ ᠪᠠᠭ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠮᠤᠵᠢ᠂ ᠥᠪᠡᠷᠲᠡᠭᠡᠨ ᠵᠠᠰᠠᠬᠤ ᠣᠷᠣᠨ᠂ | ᠰᠢᠭᠤᠳ ᠬᠠᠷᠢᠶ᠎ᠠ ᠬᠤᠲᠠ ᠶᠢᠨ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ᠂ ᠳᠡᠳ᠋ ᠮᠤᠵᠢ ᠶᠢᠨ ᠱᠠᠲᠤᠨ ᠤ | ᠬᠤᠳᠠ ᠶᠢᠨ ᠨᠠᠮ ᠤᠨ ᠬᠤᠷᠢᠶ᠎ᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠭᠤᠣᠯ ᠬᠠᠷᠢᠭᠤᠴᠠᠯᠭᠠᠲᠠᠨ︔ | ︵ᠬᠤᠶᠠᠷ︶ ᠲᠥᠪ ᠤᠨ ᠶᠠᠮᠤᠨ ᠵᠥᠪᠯᠡᠯ ᠤᠨ ᠤᠳᠤᠷᠢᠳᠬᠤ ᠪᠠᠭ᠂ ᠲᠥᠪ ᠤᠨ ᠲᠥᠷᠥ ᠶᠢᠨ ᠪᠠᠶᠢᠭᠤᠯᠭ᠎ᠠ ᠶᠢᠨ | ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶︔ | ︵ᠭᠤᠷᠪᠠ︶ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠲᠥᠪ ᠠᠴᠠ | ᠬᠠᠮᠢᠶᠠᠷᠴᠤ ᠪᠠᠶᠢᠭ᠎ᠠ ᠠᠵᠤ ᠠᠬᠤᠶᠢᠯᠠᠯ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠵᠢᠴᠢ | ᠲᠥᠪ ᠠᠴᠠ ᠬᠠᠮᠢᠶᠠᠷᠴᠤ ᠪᠠᠶᠢᠭ᠎ᠠ ᠪᠤᠰᠤᠳ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶︔ | ︵ᠳᠥᠷᠪᠡ︶ ᠨᠠᠮ ᠤᠨ ᠲᠥᠪ ᠬᠤᠷᠢᠶ᠎ᠠ ᠠᠴᠠ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ | ᠵᠣᠬᠢᠶᠠᠨ ᠪᠠᠶᠢᠭᠤᠯᠤᠯᠲᠠ᠃ | ᠠᠷᠪᠠᠨ ᠳᠣᠯᠣᠳᠤᠭᠠᠷ ᠵᠦᠢᠯ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ | ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠡᠲᠡᠭᠡᠳ ᠪᠣᠯ᠄ | ︵ᠨᠢᠭᠡ︶ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶ | ᠤ ᠨᠠᠮ ᠤᠨ ᠬᠤᠷᠢᠶ᠎ᠠ ᠵᠢᠴᠢ ᠲᠡᠭᠦᠨ ᠤ ᠤᠳᠤᠷᠢᠳᠬᠤ ᠪᠠᠭ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ᠂ ᠬᠤᠲᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠠᠷᠠᠳ ᠤᠨ | ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠬᠠᠷᠢᠭᠤᠴᠠᠯᠭᠠᠲᠠᠨ︔ | ︵ᠬᠤᠶᠠᠷ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ | ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠮᠤᠵᠢ ᠶᠢᠨ ᠱᠠᠲᠤᠨ ᠤ ᠲᠦᠷᠦ ᠶᠢᠨ | ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ | ᠬᠤᠷᠢᠶ᠎ᠠ︶︔ | ︵ᠭᠤᠷᠪᠠ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠬᠠᠮᠢᠶᠠᠷᠴᠤ ᠪᠠᠶᠢᠭ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶︔ | ︵ᠳᠥᠷᠪᠡ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠶᠢ ᠱᠠᠭᠠᠷᠳᠠᠭᠰᠠᠨ ᠪᠤᠰᠤᠳ ᠨᠠᠮ ᠤᠨ ᠵᠣᠬᠢᠶᠠᠨ ᠪᠠᠶᠢᠭᠤᠯᠤᠯᠲᠠ᠃ | ᠠᠷᠪᠠᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠡᠷᠬᠡ ᠪᠠ ᠬᠠᠷᠢᠭᠤᠴᠠᠯᠭ᠎ᠠ ᠶᠢ ᠴᠢᠩᠭ᠎ᠠ | ᠠᠩᠬᠠᠷᠴᠤ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ | ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠳᠣᠣᠷᠠᠬᠢ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠄ | ︵ᠨᠢᠭᠡ︶ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ᠂ ᠨᠠᠮ ᠤᠨ ᠲᠥᠪ ᠬᠤᠷᠢᠶ᠎ᠠ ᠶᠢᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠢᠯᠠᠩᠭᠤᠶ᠎ᠠ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠤᠭᠤᠰᠢᠯᠠᠭᠤᠯᠤᠭᠰᠠᠨ ᠪᠠᠶᠢᠳᠠᠯ᠂ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ | ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ᠂ ᠡᠭᠦᠷᠭᠡ ᠴᠢᠳᠠᠪᠬᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ᠂ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ︔ | ︵ᠬᠤᠶᠠᠷ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠢᠴᠢ | ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠤᠭᠰᠠᠨ ᠪᠠᠶᠢᠳᠠᠯ᠂ ᠤᠳᠤᠷᠢᠳᠬᠤ ᠺᠠᠳ᠋ᠷᠴᠤᠳ ᠤᠨ ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠦᠭᠰᠡᠨ᠂ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠭᠰᠠᠨ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ | ᠪᠠᠶᠢᠳᠠᠯ︔ | ︵ᠭᠤᠷᠪᠠ︶ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ | ᠨᠠᠶᠢᠳᠠᠪᠤᠷᠢᠵᠢᠭᠤᠯᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠳᠤᠷᠢᠳᠬᠤ | ᠪᠠᠭ ᠪᠠ ᠺᠠᠳ᠋ᠷ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠪᠠᠶᠢᠳᠠᠯ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠵᠢᠴᠢ ᠬᠢᠨᠠᠨ ᠪᠤᠳᠤᠬᠤ᠂ ᠡᠳ᠋ ᠤᠨ ᠶᠠᠪᠤᠳᠠᠯ᠂ | ᠲᠤᠭ᠎ᠠ ᠪᠦᠷᠢᠳᠬᠡᠯ ᠵᠡᠷᠭᠡ ᠪᠤᠰᠤᠳ ᠬᠢᠨᠠᠯᠲᠠ ᠲᠠᠯᠪᠢᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ | ᠣᠶᠢᠯᠠᠭᠠᠬᠤ ᠪᠠᠷ ᠱᠠᠭᠠᠷᠳᠠᠭᠰᠠᠨ ᠪᠤᠰᠤᠳ ᠪᠠᠶᠢᠳᠠᠯ᠃ | ᠠᠷᠪᠠ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠨᠢ ᠲᠣᠭᠤᠷᠢᠨ ᠪᠠᠶᠢᠴᠠᠭᠠᠭᠳᠠᠬᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠲᠡᠭᠦᠨ ᠤ | ᠨᠠᠮ ᠳᠠᠭᠠᠨ ᠦᠨᠡᠨᠴᠢ ᠰᠢᠳᠤᠷᠭᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ | ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠲᠣᠭᠲᠠᠭᠠᠯ ᠶᠣᠰᠣᠭᠠᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ ᠡᠷᠬᠡ ᠪᠠᠨ ᠬᠡᠷᠡᠭᠯᠡᠭᠰᠡᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ | ᠲᠤᠰᠬᠠᠭᠰᠠᠨ ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠵᠤ᠂ ᠲᠤᠰᠬᠠᠢ ᠰᠡᠳᠦᠪᠲᠦ ᠮᠠᠲ᠋ᠧᠷᠢᠶᠠᠯ ᠢ | ᠪᠦᠷᠢᠯᠳᠦᠭᠦᠯᠬᠦ ᠬᠡᠷᠡᠭᠲᠡᠢ᠃ | ᠬᠤᠷᠢᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ | ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠵᠤᠷᠰᠢᠯᠲᠤ ᠲᠣᠭᠤᠷᠢᠨ ᠪᠠᠶᠢᠴᠠᠭᠠᠯᠲᠠ᠂ ᠲᠤᠰᠬᠠᠢ ᠲᠣᠭᠤᠷᠢᠨ | ᠪᠠᠶᠢᠴᠠᠭᠠᠯᠲᠠ᠂ ᠬᠥᠳᠡᠯᠦᠩᠭᠦᠢ ᠲᠣᠭᠤᠷᠢᠨ ᠪᠠᠶᠢᠴᠠᠭᠠᠯᠲᠠ᠂ ︽ᠡᠷᠭᠢᠨ ᠬᠠᠷᠠᠬᠤ︾ ᠵᠡᠷᠭᠡ ᠠᠷᠭ᠎ᠠ ᠭᠡᠯᠪᠡᠷᠢ ᠪᠠᠷ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠂ ᠴᠢᠬᠤᠯᠠᠲᠠᠢ ᠦᠶ᠎ᠡ ᠳᠤ | ᠲᠡᠰ ᠳᠡᠪᠰᠢᠭᠦᠯᠵᠦ ᠲᠣᠭᠤᠷᠢᠨ ᠪᠠᠶᠢᠴᠠᠭᠠᠵᠤ ᠪᠣᠯᠣᠨ᠎ᠠ᠃ | ᠳᠥᠷᠪᠡᠳᠦᠭᠡᠷ ᠪᠦᠯᠦᠭ ᠠᠵᠢᠯ ᠤᠨ ᠳᠡᠰ ᠳᠠᠷᠠᠭᠠᠯᠠᠯ᠂ ᠠᠷᠭ᠎ᠠ ᠭᠡᠯᠪᠡᠷᠢ ᠪᠠ ᠡᠷᠬᠡ ᠮᠡᠳᠡᠯ ᠤᠨ ᠬᠡᠪᠴᠢᠶ᠎ᠡ | ᠬᠤᠷᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠵᠢᠯ | ᠥᠷᠨᠢᠭᠦᠯᠬᠦ ᠠᠴᠠ ᠡᠮᠦᠨ᠎ᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠠᠳᠠᠯᠢ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯᠣᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ | ᠤᠯᠤᠰ ᠲᠦᠷᠦ ᠬᠠᠤᠯᠢ ᠴᠠᠭᠠᠵᠠ᠂ ᠨᠢᠭᠤᠴᠠ ᠶᠢ ᠬᠠᠮᠠᠭᠠᠯᠠᠬᠤ᠂ ᠬᠢᠨᠠᠨ ᠪᠤᠳᠤᠬᠤ᠂ ᠡᠳ᠋ ᠤᠨ ᠵᠠᠰᠠᠭ᠂ ᠲᠤᠭ᠎ᠠ | ᠪᠦᠷᠢᠳᠬᠡᠯ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠪᠣᠯᠣᠨ ᠨᠢᠭᠡᠴᠢ ᠶᠢᠨ ᠲᠣᠭᠤᠷᠢᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠬᠤᠯᠪᠣᠭᠳᠠᠯ | ᠪᠦᠬᠦᠢ ᠪᠠᠶᠢᠳᠠᠯ ᠤᠨ ᠮᠡᠳᠡᠭᠦᠯᠦᠯᠲᠡ ᠶᠢ ᠰᠣᠨᠣᠰᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠭᠰᠠᠨ ᠤ ᠲᠠᠷᠠᠭ᠎ᠠ᠂ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠬᠤ ᠡᠭᠦᠷᠭᠡ ᠪᠠᠨ | ᠮᠡᠳᠡᠭᠳᠡᠵᠦ᠂ ᠲᠣᠭᠲᠠᠭᠰᠠᠨ ᠠᠵᠢᠯ ᠤᠨ ᠠᠷᠭ᠎ᠠ ᠭᠡᠯᠪᠡᠷᠢ ᠪᠣᠯᠣᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠤᠷᠢᠨ | ᠪᠠᠶᠢᠴᠠᠭᠠᠵᠤ ᠣᠶᠢᠯᠠᠭᠠᠬᠤ ᠠᠵᠢᠯ ᠥᠷᠨᠢᠭᠦᠯᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠲᠤᠬᠠᠢ ᠲᠤᠰᠬᠠᠭᠰᠠᠨ ᠴᠢᠬᠤᠯᠠ ᠠᠰᠠᠭᠤᠳᠠᠯ ᠪᠠ | ᠠᠰᠠᠭᠤᠳᠠᠯ ᠤᠨ ᠰᠦᠪᠡᠭᠴᠢ ᠶᠢ ᠭᠦᠨᠵᠡᠭᠡᠢ ᠣᠶᠢᠯᠠᠭᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠳᠣᠣᠷᠠᠬᠢ ᠠᠷᠭ᠎ᠠ ᠭᠡᠯᠪᠡᠷᠢ ᠪᠠᠷ | ᠪᠠᠶᠢᠳᠠᠯ ᠢ ᠣᠶᠢᠯᠠᠭᠠᠨ᠎ᠠ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ | ᠮᠡᠳᠡᠭᠦᠯᠦᠯᠲᠡ ᠪᠠ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠲᠤᠰᠬᠠᠢ ᠰᠡᠳᠦᠪᠲᠦ ᠬᠠᠷᠢᠭᠤ | ᠮᠡᠳᠡᠭᠦᠯᠦᠯᠲᠡ ᠶᠢ ᠰᠣᠨᠣᠰᠬᠤ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ | ᠪᠦᠷᠢᠯᠳᠦᠭᠦᠨ ᠪᠠ ᠪᠤᠰᠤᠳ ᠺᠠᠳ᠋ᠷ ᠤᠯᠠᠨ ᠲᠦᠮᠡᠨ ᠲᠠᠢ ᠲᠤᠰᠬᠠᠢ ᠶᠠᠷᠢᠯᠴᠠᠬᠤ︔ | ︵ᠭᠤᠷᠪᠠ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ | ᠲᠡᠭᠦᠨ ᠤ ᠪᠦᠷᠢᠯᠳᠦᠭᠦᠨ ᠪᠠ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠪᠠᠭ ᠤᠨ ᠭᠤᠣᠯ ᠬᠠᠷᠢᠭᠤᠴᠠᠯᠭᠠᠲᠠᠨ ᠤ ᠠᠰᠠᠭᠤᠳᠠᠯ ᠢ ᠲᠤᠰᠬᠠᠭᠰᠠᠨ ᠵᠠᠬᠢᠳᠠᠯ᠂ ᠤᠲᠠᠰᠤ᠂ ᠰᠤᠷᠪᠤᠯᠵᠢᠯᠠᠯ ᠵᠡᠷᠭᠡ ᠶᠢ | ᠭᠥᠯᠢᠶᠡᠨ ᠠᠪᠴᠤ ᠰᠢᠢᠳᠪᠦᠷᠢᠯᠡᠭᠦ︔ | ︵ᠳᠥᠷᠪᠡ︶ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ | ᠮᠡᠳᠡᠭᠦᠯᠦᠭᠰᠡᠨ ᠪᠠᠶᠢᠳᠠᠯ ᠢ ᠰᠣᠩᠭᠤᠨ ᠪᠠᠶᠢᠴᠠᠭᠠᠵᠤ ᠬᠢᠨᠠᠨ ᠬᠠᠷᠭᠤᠭᠤᠯᠬᠤ︔ | ︵ᠲᠠᠪᠤ︶ ᠬᠤᠯᠪᠣᠭᠳᠠᠯ ᠪᠦᠬᠦᠢ ᠪᠠᠶᠢᠳᠠᠯ ᠢ ᠮᠡᠳᠡᠬᠦ ᠬᠥᠮᠥᠨ ᠠᠴᠠ ᠪᠠᠶᠢᠳᠠᠯ ᠢ ᠯᠠᠪᠯᠠᠨ ᠠᠰᠠᠭᠤᠬᠤ︔ | ︵ᠵᠢᠷᠭᠤᠭ᠎ᠠ︶ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠳᠠᠩᠰᠠ ᠡᠪᠬᠡᠮᠡᠯ᠂ ᠬᠤᠷᠠᠯ ᠤᠨ ᠲᠡᠮᠳᠡᠭᠯᠡᠯ ᠵᠡᠷᠭᠡ | ᠮᠠᠲ᠋ᠧᠷᠢᠶᠠᠯ ᠢ ᠰᠢᠯᠵᠢᠭᠦᠯᠦᠨ ᠦᠵᠡᠬᠦ᠂ ᠪᠠᠭᠤᠯᠭᠠᠬᠤ︔ | ︵ᠲᠤᠯᠤᠭ᠎ᠠ︶ ᠶᠠᠷᠢᠯᠴᠠᠬᠤ ᠬᠤᠷᠠᠯ ᠬᠤᠷᠠᠯᠳᠤᠭᠤᠯᠬᠤ︔ | ︵ᠨᠠᠢᠮᠠ︶ ᠬᠤᠯᠪᠣᠭᠳᠠᠯ ᠪᠦᠬᠦᠢ ᠬᠤᠷᠠᠯ ᠳᠤ ᠰᠤᠯᠠ ᠣᠷᠣᠯᠴᠠᠬᠤ︔ | ︵ᠶᠢᠰᠦ︶ ᠠᠷᠠᠳᠴᠢᠯᠠᠯ ᠢᠶᠠᠷ ᠰᠢᠯᠭᠠᠨ ᠦᠨᠡᠯᠡᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠭᠢᠭᠦ︔ | ︵ᠠᠷᠪᠠ︶ ᠳᠣᠷᠣᠭᠰᠢ ᠪᠠᠭᠤᠵᠤ ᠪᠠᠶᠢᠴᠠᠭᠠᠨ ᠰᠤᠳᠤᠯᠤᠯᠲᠠ ᠬᠢᠵᠦ ᠪᠠᠶᠢᠳᠠᠯ ᠢ ᠣᠶᠢᠯᠠᠭᠠᠬᠤ︔ | ︵ᠠᠷᠪᠠᠨ ᠨᠢᠭᠡ︶ ᠲᠤᠰᠬᠠᠢ ᠪᠠᠶᠢᠴᠠᠭᠠᠯᠲᠠ ᠥᠷᠨᠢᠭᠦᠯᠭᠦ︔ | ︵ᠠᠷᠪᠠᠨ ᠬᠤᠶᠠᠷ︶ ᠬᠤᠯᠪᠣᠭᠳᠠᠯ ᠪᠦᠬᠦᠢ ᠨᠢᠭᠡᠴᠢ ᠳᠤ ᠬᠠᠮᠵᠢᠯᠴᠠᠭᠤᠯᠬᠤ ᠪᠠᠷ ᠳᠤᠷᠠᠳᠤᠨ ᠳᠡᠪᠰᠢᠭᠦᠯᠭᠦ︔ | ︵ᠠᠷᠪᠠᠨ ᠭᠤᠷᠪᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠥᠪᠰᠢᠶᠡᠷᠡᠭᠰᠡᠨ ᠪᠤᠰᠤᠳ ᠠᠷᠭ᠎ᠠ ᠭᠡᠯᠪᠡᠷᠢ᠃ | ᠬᠤᠷᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠵᠢᠭᠠᠪᠤᠷᠢ ᠠᠪᠴᠤ ᠮᠡᠳᠡᠭᠦᠯᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠳᠤᠮᠳᠠᠬᠢ ᠴᠢᠬᠤᠯᠠ ᠪᠠᠶᠢᠳᠠᠯ ᠪᠣᠯᠣᠨ | ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ | ᠲᠦᠰᠢᠭᠯᠡᠨ ᠠᠵᠢᠯ ᠢᠶᠠᠨ ᠥᠷᠨᠢᠭᠦᠯᠵᠦ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠬᠡᠪ ᠤᠨ ᠠᠵᠢᠯ ᠳᠤ ᠭᠠᠷ ᠲᠦᠷᠦᠭᠦ ᠦᠭᠡᠢ᠂ ᠰᠠᠬᠢᠯᠭ᠎ᠠ ᠪᠠᠲᠤ ᠬᠡᠷᠡᠭᠵᠢᠭᠦᠯᠵᠦ ᠬᠢᠨᠠᠨ ᠪᠠᠶᠢᠴᠠᠭᠠᠬᠤ ᠲᠤᠰᠢᠶᠠᠯ | ᠬᠠᠷᠢᠭᠤᠴᠠᠯᠭ᠎ᠠ ᠶᠢ ᠭᠦᠢᠴᠡᠳᠬᠡᠬᠦ ᠦᠭᠡᠢ᠃ | ᠬᠤᠷᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠺᠠᠳ᠋ᠷ ᠤᠯᠠᠨ ᠲᠦᠮᠡᠨ ᠤ ᠲᠤᠰᠬᠠᠯ | ᠴᠢᠩᠭ᠎ᠠ᠂ ᠳᠦᠷᠦ ᠶᠢᠨ ᠪᠣᠳᠣᠯᠭ᠎ᠠ ᠶᠢᠨ ᠲᠣᠭᠲᠠᠭᠠᠯ ᠢ ᠢᠯᠡᠳᠲᠡ ᠵᠥᠷᠢᠴᠡᠭᠰᠡᠨ ᠪᠥᠭᠡᠳ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠲᠤᠰᠢᠶᠠᠯ ᠤᠨ ᠬᠡᠪᠴᠢᠶᠡᠨ ᠳᠤ ᠪᠠᠭᠲᠠᠵᠤ᠂ ᠴᠠᠭ | ᠲᠤᠬᠠᠢ ᠳᠤᠨᠢ ᠰᠢᠢᠳᠪᠦᠷᠢᠯᠡᠵᠦ ᠳᠡᠶᠢᠯᠭᠦ ᠠᠰᠠᠭᠤᠳᠠᠯ ᠢ ᠲᠣᠭᠤᠷᠢᠨ ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ | ᠶᠣᠰᠣᠭᠠᠷ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢ ᠳᠠᠷᠦ᠋ᠢᠬᠠᠨ ᠬᠡᠷᠡᠭᠵᠢᠭᠦᠯᠵᠦ | ᠳᠠᠷᠦ᠋ᠢᠬᠠᠨ ᠵᠠᠯᠠᠷᠠᠭᠤᠯᠬᠤ ᠶᠢ ᠱᠠᠯᠠᠪᠳᠠᠭᠤᠯᠬᠤ ᠬᠡᠷᠡᠭᠲᠡᠢ᠃ | ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠯ ᠲᠥᠪᠯᠡᠷᠡᠭᠰᠡᠨ ᠨᠠᠮ ᠤᠨ ᠭᠡᠰᠢᠭᠦᠨ᠂ ᠺᠠᠳ᠋ᠷ ᠤᠨ | ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ ᠲᠣᠭᠤᠷᠢᠨ | ᠪᠠᠶᠢᠴᠠᠭᠠᠬᠤ ᠳᠤᠭᠤᠶᠢᠯᠠᠩ ᠳᠡᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠴᠠᠭ ᠲᠤᠬᠠᠢ ᠳᠤᠨᠢ ᠰᠢᠢᠳᠪᠦᠷᠢᠯᠡᠭᠦᠯᠵᠦ ᠪᠣᠯᠣᠨ᠎ᠠ᠃ | ᠬᠤᠷᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠣᠶᠢᠯᠠᠭᠠᠭᠰᠠᠨ ᠴᠢᠬᠤᠯᠠ ᠪᠠᠶᠢᠳᠠᠯ | ᠪᠣᠯᠣᠨ ᠠᠰᠠᠭᠤᠳᠠᠯ ᠳᠤ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠪᠦᠷᠢᠯᠳᠦᠭᠦᠯᠬᠦ ᠭᠡᠷᠡᠭᠲᠡᠢ︔ ᠨᠡᠶᠢᠳᠡᠮ ᠤᠨ | ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠪᠠ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ | ᠠᠰᠠᠭᠤᠳᠠᠯ ᠳᠤ ᠲᠤᠰᠬᠠᠢ ᠰᠡᠳᠦᠪᠲᠦ ᠮᠡᠳᠡᠭᠦᠯᠦᠯᠲᠡ ᠪᠦᠷᠢᠯᠳᠦᠭᠦᠯᠵᠦ ᠪᠣᠯᠣᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ᠂ ᠲᠤᠰᠬᠠᠢ ᠰᠡᠳᠦᠪᠲᠦ | ᠮᠡᠳᠡᠭᠦᠯᠦᠯᠲᠡ ᠵᠡᠷᠭᠡ ᠳᠤ ᠲᠤᠰᠬᠠᠭᠰᠠᠨ ᠠᠰᠠᠭᠤᠳᠠᠯ ᠳᠤ ᠡᠬᠡ ᠨᠣᠣᠷᠠᠭ ᠪᠢᠴᠢᠬᠦ ᠬᠡᠷᠡᠭᠲᠡᠢ᠃ | ᠲᠣᠭᠤᠷᠢᠨ ᠪᠠᠶᠢᠴᠠᠭᠠᠬᠤ ᠳᠤᠭᠤᠶᠢᠯᠠᠩ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ | ᠠᠰᠠᠭᠤᠳᠠᠯ᠂ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠲᠣᠭᠲᠠᠭᠠᠯ ᠶᠣᠰᠣᠭᠠᠷ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠠᠢ ᠣᠯᠣᠯᠴᠠᠵᠤ᠂ | ᠰᠠᠨᠠᠯ ᠢ ᠨᠢ ᠰᠣᠨᠣᠰᠬᠤ ᠭᠡᠷᠡᠭᠲᠡᠢ︔ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠳᠤ ᠲᠤᠰᠬᠠᠭᠰᠠᠨ ᠴᠢᠬᠤᠯᠠ | ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ | ᠰᠠᠯᠠᠭ᠎ᠠ ᠮᠥᠴᠢᠷ ᠲᠠᠢ ᠣᠯᠣᠯᠴᠠᠵᠤ᠂ ᠰᠠᠨᠠᠯ ᠢ ᠨᠢ ᠰᠣᠨᠣᠰᠴᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ | ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ | ᠬᠡᠷᠡᠭᠯᠡᠭᠰᠡᠨ ᠰᠠᠨᠠᠯ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠳᠠᠯᠢ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠯᠪᠣᠭᠳᠠᠯ ᠪᠦᠬᠦᠢ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠢ ᠳᠤᠨᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠵᠦᠢᠯ ᠢ ᠰᠤᠳᠤᠯᠤᠨ ᠲᠣᠭᠲᠠᠭᠠᠬᠤ ᠬᠡᠷᠡᠭᠲᠡᠢ᠃ ᠴᠢᠬᠤᠯᠠᠲᠠᠢ | ᠦᠶ᠎ᠡ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠢᠭᠤᠳ ᠰᠣᠨᠣᠰᠴᠤ ᠪᠣᠯᠣᠨ᠎ᠠ᠃ | ᠬᠤᠷᠢ ᠶᠢᠰᠦᠳᠦᠭᠡᠷ ᠵᠦᠢᠯ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ | ᠵᠥᠪᠰᠢᠶᠡᠷᠡᠭᠦᠯᠦᠭᠰᠡᠨ ᠤ ᠲᠠᠷᠠᠭ᠎ᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠴᠠᠭ | ᠲᠤᠬᠠᠢ ᠳᠤᠨᠢ ᠵᠣᠬᠢᠶᠠᠨ ᠪᠠᠶᠢᠭᠤᠯᠵᠤ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠵᠢᠴᠢ ᠲᠡᠭᠦᠨ ᠤ ᠭᠤᠣᠯ ᠬᠠᠷᠢᠭᠤᠴᠠᠯᠭᠠᠲᠠᠨ ᠳᠤ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ | ᠲᠤᠰ ᠲᠤᠰ ᠬᠠᠷᠢᠭᠤ ᠲᠤᠰᠬᠠᠵᠤ᠂ ᠠᠰᠠᠭᠤᠳᠠᠯ ᠢ ᠵᠢᠭᠠᠨ ᠭᠠᠷᠭᠠᠵᠤ᠂ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ | ᠰᠠᠶᠢᠵᠢᠷᠠᠭᠤᠯᠬᠤ ᠰᠠᠨᠠᠯ ᠳᠤᠷᠠᠳᠬᠤ ᠬᠡᠷᠡᠭᠲᠡᠢ᠃ | ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠣᠭᠤᠷᠢᠨ ᠪᠠᠶᠢᠴᠠᠭᠠᠭᠰᠠᠨ ᠬᠤᠯᠪᠣᠭᠳᠠᠯ ᠪᠦᠬᠦᠢ ᠪᠠᠶᠢᠳᠠᠯ ᠢ | ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠢᠴᠢ ᠲᠡᠭᠦᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠳᠤ ᠮᠡᠳᠡᠭᠳᠡᠨ᠎ᠡ᠃ | ᠭᠤᠴᠢᠳᠤᠭᠠᠷ ᠵᠦᠢᠯ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠪᠠ ᠨᠠᠮ ᠤᠨ ᠭᠡᠰᠢᠭᠦᠨ᠂ | ᠺᠠᠳ᠋ᠷ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠰᠡᠵᠢᠭᠯᠡᠯᠲᠡᠢ ᠠᠰᠠᠭᠤᠳᠠᠯ ᠤᠨ ᠰᠦᠪᠡᠭᠴᠢ ᠶᠢ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠ ᠲᠣᠭᠤᠷᠢᠨ ᠪᠠᠶᠢᠴᠠᠭᠠᠬᠤ | ᠳᠤᠭᠤᠶᠢᠯᠠᠩ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠪᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢ ᠦᠨᠳᠦᠰᠦᠯᠡᠨ᠂ ᠳᠡᠰ ᠳᠠᠷᠠᠭᠠᠯᠠᠯ ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠪᠤᠶᠤ ᠬᠤᠯᠪᠣᠭᠳᠠᠯ ᠪᠦᠬᠦᠢ ᠨᠢᠭᠡᠴᠢ ᠳᠤ ᠲᠤᠰ ᠲᠤᠰ | ᠰᠢᠯᠵᠢᠭᠦᠯᠦᠨ ᠲᠤᠰᠢᠶᠠᠨ᠎ᠠ᠃ | ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ | ᠪᠣᠯᠣᠨ ᠪᠠᠶᠢᠭᠤᠯᠤᠮᠵᠢ ᠲᠣᠭᠲᠠᠴᠠ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠳᠤ ᠲᠣᠭᠤᠷᠢᠨ ᠪᠠᠶᠢᠴᠠᠭᠠᠬᠤ | ᠰᠠᠨᠠᠭᠤᠯᠭ᠎ᠠ ᠶᠢᠨ ᠪᠢᠴᠢᠭ ᠪᠤᠶᠤ ᠪᠤᠰᠤᠳ ᠵᠣᠬᠢᠰᠲᠠᠢ ᠠᠷᠭ᠎ᠠ ᠭᠡᠯᠪᠡᠷᠢ ᠶᠢ ᠠᠪᠴᠤ᠂ ᠬᠤᠯᠪᠣᠭᠳᠠᠯ ᠪᠦᠬᠦᠢ ᠡᠭᠦᠷᠭᠡ | ᠴᠢᠳᠠᠮᠵᠢᠲᠤ ᠰᠠᠯᠠᠭ᠎ᠠ ᠮᠥᠴᠢᠷ ᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ᠂ ᠳᠦᠷᠢᠮ ᠢ ᠪᠦᠷᠢᠨᠰᠢᠭᠦᠯᠬᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃ | ᠭᠤᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠷ ᠣᠷᠣᠵᠤ ᠰᠠᠭᠤᠬᠤ᠂ ᠬᠠᠷᠢᠭᠤ ᠲᠤᠰᠬᠠᠬᠤ᠂ | ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ ᠵᠣᠬᠢᠰᠲᠠᠢ ᠠᠷᠭ᠎ᠠ ᠭᠡᠯᠪᠡᠷᠢ ᠪᠠᠷ ᠢᠯᠡ ᠪᠤᠯᠭᠠᠵᠤ᠂ ᠨᠠᠮ ᠤᠨ | ᠭᠡᠰᠢᠭᠦᠨ᠂ ᠺᠠᠳ᠋ᠷ ᠪᠣᠯᠣᠨ ᠠᠷᠠᠳ ᠤᠯᠠᠨ ᠤ ᠬᠢᠨᠠᠯᠲᠠ ᠶᠢ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ | ᠭᠤᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠠᠵᠢᠯ ᠢ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠦᠷᠢᠯᠳᠦᠭᠦᠨ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ | ᠰᠠᠶᠢᠵᠢᠷᠠᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠠᠨ ᠭᠦᠢᠴᠡᠳᠬᠡᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ᠂ ᠡᠳᠦᠷ ᠲᠤᠳᠤᠮ ᠤᠨ ᠠᠵᠢᠯ ᠳᠠᠭᠠᠨ | ᠠᠭᠤᠰᠤᠯᠴᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠭᠤᠰᠤᠯᠴᠠᠭᠤᠯᠵᠤ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠳᠤ ᠠᠭᠤᠰᠤᠯᠴᠠᠭᠤᠯᠵᠤ᠂ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ | ᠠᠭᠤᠰᠤᠯᠴᠠᠭᠤᠯᠬᠤ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠬᠤ ᠪᠠᠭ ᠤᠨ | ᠪᠤᠰᠤᠳ ᠪᠦᠷᠢᠯᠳᠦᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠡᠷᠡᠭᠲᠡᠢ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠤᠳᠤᠷᠢᠳᠬᠤ ᠪᠠᠭ ᠤᠨ ᠪᠤᠰᠤᠳ | ᠪᠦᠷᠢᠯᠳᠦᠭᠦᠨ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠵᠤᠯᠭᠠᠯᠴᠠᠭᠤᠯᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠬᠤ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠣᠯᠣᠭᠰᠠᠨ ᠡᠳᠦᠷ ᠠᠴᠠ ᠡᠬᠢᠯᠡᠨ᠂ 6 ᠰᠠᠷ᠎ᠠ ᠶᠢᠨ ᠬᠤᠭᠤᠴᠠᠭ᠎ᠠ ᠲᠠᠢ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠄ | ︵ᠨᠢᠭᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠤᠨ ᠲᠣᠭᠲᠠᠭᠠᠵᠤ᠂ | ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ | ᠪᠠᠶᠢᠭᠤᠯᠵᠤ᠂ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ | ᠲᠣᠳᠣᠷᠬᠠᠶᠢᠯᠠᠨ᠎ᠠ︔ | ︵ᠬᠤᠶᠠᠷ︶ ᠤᠳᠤᠷᠢᠳᠬᠤ ᠪᠠᠭ ᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠨ᠎ᠠ︔ | ︵ᠭᠤᠷᠪᠠ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠰᠠᠶᠢᠲᠤᠷ ᠠᠳᠬᠤᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠵᠢᠴᠢ | ᠣᠯᠠᠨ ᠲᠦᠮᠡᠨ ᠤ ᠲᠤᠰᠬᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠠᠷᠢᠨ ᠬᠢᠨᠠᠮᠠᠭᠠᠢ ᠰᠢᠶ᠋ᠳᠪᠦᠷᠢᠯᠡᠨ᠎ᠡ︔ | ︵ᠲᠠᠪᠤ︶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠨᠢᠭᠡ ᠠᠴᠠ ᠵᠦᠢᠴᠢᠯᠡᠨ | ᠨᠥᠭᠦᠭᠡ ᠶᠢ ᠮᠡᠳᠡᠵᠦ᠂ ᠳᠦᠷᠢᠮ ᠢ ᠪᠦᠷᠢᠨᠰᠢᠭᠦᠯᠵᠦ᠂ ᠳᠤᠲᠠᠭᠤᠳᠠᠯ ᠢ ᠨᠥᠬᠦᠪᠦᠷᠢᠯᠡᠨ᠂ ᠠᠯᠳᠠᠰᠢ ᠭᠠᠷᠬᠤ ᠶᠢ | ᠬᠤᠷᠢᠬᠯᠠᠨ᠎ᠠ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠲᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ | ᠮᠡᠳᠡᠭᠦᠯᠦᠨ ᠬᠦᠷᠭᠡᠨ᠎ᠡ᠃ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠪᠠᠶᠢᠩᠭᠤᠵᠢᠭᠰᠠᠨ᠂ ᠤᠷᠳᠤ ᠬᠤᠭᠤᠴᠠᠭᠠᠨ ᠤ ᠪᠦᠲᠦᠮᠵᠢᠲᠡᠢ | ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠠᠬᠠᠨ ᠰᠢᠢᠳᠪᠦᠷᠢᠯᠡᠭᠡᠳᠦᠢ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠠᠵᠢᠯ ᠤᠨ | ᠪᠣᠳᠠᠲᠠᠢ ᠪᠠᠶᠢᠳᠠᠯ ᠢᠶᠠᠨ ᠦᠨᠳᠦᠰᠦᠯᠡᠨ ᠳᠠᠷᠠᠭᠠᠴᠢ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠨᠢ | ᠮᠡᠳᠡᠭᠦᠯᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠠᠳᠠᠯᠢ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠣᠭᠤᠷᠢᠨ | ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠨᠠᠶᠢᠳᠠᠪᠤᠷᠢᠵᠢᠭᠤᠯᠬᠤ ᠳᠤ ᠪᠦᠭᠦ ᠲᠠᠯ᠎ᠠ ᠪᠠᠷ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠡᠬᠡ ᠲᠠᠩᠰᠠ | ᠪᠠᠶᠢᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠠᠬᠢᠭᠤᠯᠬᠤ ᠬᠤᠷᠠᠯ ᠬᠤᠷᠠᠯᠳᠤᠭᠤᠯᠬᠤ᠂ ᠲᠤᠰᠬᠠᠢ | ᠰᠡᠳᠦᠪ ᠢᠶᠠᠷ ᠵᠥᠪᠳᠡᠯᠴᠡᠬᠦ᠂ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠬᠤ᠂ ᠲᠤᠬᠠᠢ ᠶᠢᠨ ᠲᠠᠯᠠᠪᠠᠢ ᠳᠤ | ᠪᠠᠶᠢᠴᠠᠭᠠᠯᠲᠠ ᠬᠢᠬᠦ᠂ ᠴᠡᠭᠴᠡᠯᠡᠨ ᠰᠠᠶᠢᠵᠢᠷᠠᠭᠤᠯᠵᠤ ᠦᠨᠡᠯᠡᠨ ᠵᠢᠱᠢᠯᠲᠡ ᠥᠷᠨᠢᠭᠦᠯᠬᠦ᠂ ᠶᠠᠷᠢᠯᠴᠠᠨ ᠰᠠᠨᠠᠭᠤᠯᠬᠤ᠂ | ᠪᠣᠯᠵᠣᠨ ᠶᠠᠷᠢᠯᠴᠠᠵᠤ ᠵᠠᠬᠢᠳᠠᠯ ᠢᠶᠠᠷ ᠠᠰᠠᠭᠤᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ | ᠳᠤᠷᠠᠳᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠨ᠎ᠠ︔ | | ︵ᠭᠤᠷᠪᠠ︶ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ | ᠲᠠᠯ᠎ᠠ ᠶᠢᠨ ᠲᠣᠪᠤᠶᠢᠮ᠎ᠠ ᠠᠰᠠᠭᠤᠳᠠᠯ ᠳᠤ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ | ᠠᠵᠢᠯ ᠥᠷᠨᠢᠭᠦᠯᠬᠦ ᠶᠢ ᠱᠠᠯᠠᠪᠳᠠᠭᠤᠯᠤᠨ ᠠᠭᠢᠭᠤᠯᠤᠨ᠎ᠠ︔ | ︵ᠳᠥᠷᠪᠡ︶ ᠲᠣᠭᠤᠷᠢᠨ ᠪᠠᠶᠢᠴᠠᠭᠠᠯᠲᠠ ᠶᠢᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ | ᠲᠣᠭᠲᠠᠭᠠᠯ ᠰᠠᠬᠢᠯᠭ᠎ᠠ ᠬᠠᠤᠯᠢ ᠶᠣᠰᠣᠭᠠᠷ ᠰᠢᠢᠳᠪᠦᠷᠢᠯᠡᠵᠦ᠂ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ | ᠰᠦᠪᠡᠭᠴᠢ ᠶᠢ ᠣᠯᠣᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ | ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠲᠣᠮᠢᠯᠠᠨ ᠰᠠᠭᠤᠯᠭᠠᠭᠰᠠᠨ ︵ᠲᠣᠮᠢᠯᠠᠭᠰᠠᠨ︶ ᠪᠠᠶᠢᠭᠤᠯᠤᠮᠵᠢ ᠪᠠ ᠳᠣᠣᠷᠠᠳᠤ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢ ᠵᠢᠯᠣᠭᠤᠳᠤᠨ ᠲᠣᠭᠤᠷᠢᠨ ᠪᠠᠶᠢᠴᠠᠭᠠᠭᠳᠠᠬᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ | ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠣᠮᠢᠯᠠᠨ ᠰᠠᠭᠤᠯᠭᠠᠭᠰᠠᠨ | ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠰᠠᠭᠤᠭ᠎ᠠ ᠨᠢᠭᠡᠴᠢ ︵ᠶᠡᠷᠦᠩᠬᠡᠶᠢᠯᠡᠨ | ᠬᠢᠨᠠᠯᠲᠠ ᠲᠠᠯᠪᠢᠬᠤ ᠨᠢᠭᠡᠴᠢ ᠪᠠᠭᠲᠠᠨ᠎ᠠ︶ ᠶᠢᠨ ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠬᠤᠷᠢᠶ᠎ᠠ ᠶᠢᠨ | ᠲᠣᠭᠤᠷᠢᠨ ᠪᠠᠶᠢᠴᠠᠭᠠᠯᠲᠠ ᠶᠢ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠢ ᠡᠳᠦᠷ ᠲᠤᠳᠤᠮ ᠤᠨ ᠬᠢᠨᠠᠯᠲᠠ ᠳᠤ ᠣᠷᠣᠭᠤᠯᠵᠤ᠂ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠶᠢ ᠠᠬᠢᠭᠤᠯᠪᠠᠯ ᠵᠣᠬᠢᠨ᠎ᠠ᠃ | ᠭᠤᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠭᠦᠢᠴᠡᠳᠬᠡᠵᠦ | ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ ᠡᠭᠦᠨ ᠤ ᠭᠤᠣᠯ ᠲᠤᠰᠢᠶᠠᠯ | ᠬᠠᠷᠢᠭᠤᠴᠠᠯᠭ᠎ᠠ ᠪᠣᠯ᠄ | ︵ᠨᠢᠭᠡ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠳᠤ ᠣᠷᠣᠯᠴᠠᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠳᠤ ᠰᠤᠯᠠ ᠣᠷᠣᠯᠴᠠᠨ᠎ᠠ︔ | ︵ᠬᠤᠶᠠᠷ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢᠨ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠬᠤ ᠲᠠᠯ᠎ᠠ ᠪᠠᠷ ᠬᠢ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠱᠠᠯᠠᠪᠳᠠᠭᠤᠯᠵᠤ᠂ ᠡᠳᠦᠷ ᠳᠤᠳᠤᠮ ᠤᠨ ᠬᠢᠨᠠᠯᠲᠠ ᠶᠢ ᠴᠢᠩᠭᠠᠳᠬᠠᠵᠤ᠂ ᠲᠣᠪᠤᠶᠢᠮ᠎ᠠ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠤᠰᠬᠠᠢ ᠲᠦᠷᠦᠯ ᠢᠶᠠᠷ ᠵᠠᠰᠠᠬᠤ ᠶᠢ ᠵᠣᠬᠢᠶᠠᠨ ᠪᠠᠶᠢᠭᠤᠯᠵᠤ | ᠥᠷᠨᠢᠭᠦᠯᠦᠨ᠎ᠡ︔ | ︵ᠭᠤᠷᠪᠠ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠪᠣᠯᠣᠨ ᠤᠳᠤᠷᠢᠳᠬᠤ | ᠺᠠᠳ᠋ᠷ ᠤᠨ ᠣᠨ ᠤ ᠬᠢᠨᠠᠨ ᠰᠢᠯᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠲᠣᠭᠤᠷᠢᠨ ᠪᠠᠶᠢᠴᠠᠭᠠᠭᠠᠳ | ᠢᠯᠡᠷᠡᠭᠦᠯᠦᠭᠰᠡᠨ ᠠᠰᠠᠭᠤᠳᠠᠯ ᠵᠢᠴᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠤᠳᠤᠷᠢᠳᠬᠤ ᠪᠠᠭ ᠤᠨ ᠪᠠᠶᠢᠭᠤᠯᠤᠯᠲᠠ ᠪᠣᠯᠣᠨ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ | ᠬᠡᠷᠡᠭᠯᠡᠬᠦ᠂ ᠬᠠᠮᠢᠶᠠᠷᠴᠤ ᠬᠢᠨᠠᠯᠲᠠ ᠲᠠᠯᠪᠢᠬᠤ ᠶᠢᠨ ᠴᠢᠬᠤᠯᠠ ᠯᠠᠪᠯᠠᠯᠲᠠ ᠪᠤᠯᠭᠠᠨ᠎ᠠ︔ | ︵ᠳᠥᠷᠪᠡ︶ ᠲᠣᠭᠤᠷᠢᠨ ᠪᠠᠶᠢᠴᠠᠭᠠᠵᠤ ᠰᠢᠯᠵᠢᠭᠦᠯᠦᠨ ᠲᠤᠰᠢᠶᠠᠭᠰᠠᠨ ᠤᠳᠤᠷᠢᠳᠬᠤ ᠪᠠᠭ ᠤᠨ ᠪᠠᠶᠢᠭᠤᠯᠤᠯᠲᠠ᠂ | ᠠᠷᠠᠳᠴᠢᠯᠠᠯ ᠲᠥᠪᠯᠡᠷᠡᠯ ᠤᠨ ᠶᠣᠰᠣ ᠶᠢ ᠲᠤᠭᠤᠰᠢᠯᠠᠭᠤᠯᠤᠨ ᠬᠡᠷᠡᠭᠵᠢᠭᠦᠯᠬᠦ᠂ ᠺᠠᠳ᠋ᠷ ᠢ ᠰᠣᠩᠭᠤᠨ ᠳᠡᠪᠰᠢᠭᠦᠯᠵᠦ | ᠬᠡᠷᠡᠭᠯᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠵᠡᠷᠭᠡ ᠲᠠᠯ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠰᠢᠢᠳᠪᠦᠷᠢᠯᠡᠵᠦ᠂ | ᠰᠢᠯᠵᠢᠭᠦᠯᠦᠨ ᠲᠤᠰᠢᠶᠠᠭᠰᠠᠨ ᠠᠰᠠᠭᠤᠳᠠᠯ ᠢ ᠣᠯᠣᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠲᠣᠷ᠎ᠠ᠂ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠰᠢᠢᠳᠪᠦᠷᠢᠯᠡᠭᠰᠡᠨ | ᠠᠬᠢᠴᠠ ᠶᠢᠨ ᠪᠠᠶᠢᠳᠠᠯ ᠢ ᠬᠠᠷᠢᠭᠤ ᠲᠤᠰᠬᠠᠨ᠎ᠠ︔ | ︵ᠲᠠᠪᠤ︶ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠮᠡᠳᠡᠭᠦᠯᠦᠯᠲᠡ ᠳᠠᠬᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠤᠨ ᠲᠠᠯ᠎ᠠ ᠳᠤ ᠬᠤᠯᠪᠣᠭᠳᠠᠭᠰᠠᠨ ᠠᠭᠤᠯᠭ᠎ᠠ ᠶᠢ ᠬᠢᠨᠠᠨ ᠬᠠᠷᠭᠤᠭᠤᠯᠤᠨ᠎ᠠ︔ | ︵ᠵᠢᠷᠭᠤᠭ᠎ᠠ︶ ᠳᠣᠣᠷᠠᠳᠤ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠢ ᠵᠢᠭᠠᠨ ᠵᠢᠯᠤᠭᠤᠳᠴᠤ | ᠪᠠᠶᠢᠭᠠᠳ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔ | ︵ᠳᠣᠯᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢᠶᠠᠷ | ᠳᠠᠮᠵᠢᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠭᠤᠴᠢᠨ ᠳᠣᠯᠣᠳᠤᠭᠠᠷ ᠵᠦᠢᠯ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠲᠣᠭᠤᠷᠢᠨ | ᠪᠠᠶᠢᠴᠠᠭᠠᠭᠰᠠᠨ ᠦᠷ᠎ᠡ ᠪᠦᠲᠦᠭᠡᠯ ᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠡᠷᠡᠭᠯᠡᠵᠦ᠂ ᠲᠣᠭᠤᠷᠢᠨ | ᠪᠠᠶᠢᠴᠠᠭᠠᠵᠤ ᠵᠠᠷᠯᠠᠨ ᠮᠡᠳᠡᠭᠳᠡᠭᠰᠡᠨ ᠠᠰᠠᠭᠤᠳᠠᠯ ᠪᠠ ᠰᠢᠯᠵᠢᠭᠦᠯᠦᠨ ᠲᠤᠰᠢᠶᠠᠭᠰᠠᠨ ᠠᠵᠢᠯ ᠤᠨ ᠰᠠᠨᠠᠭᠤᠯᠭ᠎ᠠ ᠳᠤ | ᠴᠢᠭᠯᠡᠭᠦᠯᠦᠨ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠳᠤᠷᠠᠳᠴᠤ᠂ ᠥᠭᠡᠷᠡᠴᠢᠯᠡᠯᠲᠡ ᠶᠢ ᠠᠬᠢᠭᠤᠯᠤᠨ᠂ ᠳᠦᠷᠢᠮ ᠢ ᠲᠡᠭᠦᠯᠳᠡᠷᠵᠢᠭᠦᠯᠵᠦ᠂ ᠵᠠᠰᠠᠯᠲᠠ ᠶᠢ | ᠭᠦᠨᠵᠡᠭᠡᠶᠢᠷᠡᠭᠦᠯᠬᠦ ᠶᠢᠨ ᠵᠡᠷᠭᠡ ᠪᠠᠷ ᠵᠠᠷᠯᠠᠨ ᠮᠡᠳᠡᠭᠳᠡᠭᠰᠡᠨ ᠪᠠ ᠰᠢᠯᠵᠢᠭᠦᠯᠦᠨ ᠲᠤᠰᠢᠶᠠᠭᠰᠠᠨ ᠡᠳᠦᠷ ᠠᠴᠠ ᠡᠬᠢᠯᠡᠨ 6 | ᠰᠠᠷ᠎ᠠ ᠶᠢᠨ ᠳᠣᠲᠣᠷ᠎ᠠ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ | ᠰᠢᠢᠳᠪᠦᠷᠢᠯᠡᠭᠰᠡᠨ ᠠᠬᠢᠴᠠ ᠶᠢᠨ ᠪᠠᠶᠢᠳᠠᠯ ᠢᠶᠠᠨ ᠬᠠᠷᠢᠭᠤ ᠲᠤᠰᠬᠠᠨ᠎ᠠ᠃ | ᠭᠤᠴᠢᠨ ᠨᠠᠢᠮᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠨᠢ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠱᠠᠯᠠᠪᠳᠠᠭᠤᠯᠬᠤ ᠪᠠᠨ | ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠵᠥᠪᠳᠡᠯᠴᠡᠬᠦ᠂ ᠦᠨᠡᠯᠡᠨ ᠵᠢᠱᠢᠬᠦ᠂ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ | ᠲᠣᠭᠤᠷᠢᠨ ᠪᠠᠶᠢᠴᠠᠭᠠᠬᠤ ᠪᠠᠶᠢᠭᠤᠯᠤᠮᠵᠢ ᠠᠳᠠᠯᠢ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠶᠡᠷᠦᠩᠬᠡᠶᠢᠯᠡᠭᠰᠡᠨ | ᠪᠠᠶᠢᠳᠠᠯ ᠢᠶᠠᠨ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠠᠶᠢᠭ᠎ᠠ ᠲᠣᠪᠤᠶᠢᠮ᠎ᠠ | ᠠᠰᠠᠭᠤᠳᠠᠯ ᠢ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠨᠠᠮ ᠤᠨ ᠵᠣᠬᠢᠶᠠᠨ | ᠪᠠᠶᠢᠭᠤᠯᠤᠯᠲᠠ ᠪᠠ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠠᠬᠢᠭᠤᠯᠪᠠᠯ ᠵᠣᠬᠢᠨ᠎ᠠ᠃ | ᠵᠢᠷᠭᠤᠳᠤᠭᠠᠷ ᠪᠦᠯᠦᠭ ᠡᠩᠨᠡᠭᠡᠨ ᠤ ᠪᠠᠶᠢᠭᠤᠯᠤᠯᠲᠠ | ᠭᠤᠴᠢ ᠶᠢᠰᠦᠳᠦᠭᠡᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠨᠢ ᠲᠣᠭᠤᠷᠢᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠪᠦᠬᠦᠯᠢ | ᠴᠣᠭᠴᠠ ᠶᠢᠨ ᠲᠥᠯᠦᠪᠵᠢᠭᠦᠯᠭᠡ ᠪᠠᠨ ᠴᠢᠩᠭᠠᠳᠬᠠᠵᠤ᠂ ᠲᠣᠭᠤᠷᠢᠨ ᠪᠠᠶᠢᠴᠠᠭᠠᠬᠤ ᠠᠵᠢᠯ ᠤᠨ ᠣᠨᠴᠠᠯᠢᠭ ᠲᠠᠢ | ᠤᠶᠠᠯᠳᠤᠭᠤᠯᠤᠨ ᠳᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠨᠳᠥᠷ ᠬᠡᠪ ᠪᠣᠯᠪᠠᠰᠤᠷᠠᠯ ᠪᠦᠬᠦᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠶᠢ ᠰᠢᠯᠢᠳᠡᠭ ᠢ ᠨᠢ | ᠰᠣᠩᠭᠤᠨ ᠬᠦᠴᠦᠷᠬᠡᠭ ᠢ ᠨᠢ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠡᠭᠦᠷᠭᠡ ᠲᠠᠢ ᠵᠣᠬᠢᠴᠠᠭᠰᠠᠨ ᠲᠤᠰᠬᠠᠢ | ᠲᠤᠰᠢᠶᠠᠯᠲᠤ ᠺᠠᠳ᠋ᠷ ᠢ ᠲᠣᠬᠢᠷᠠᠭᠤᠯᠵᠤ᠂ ᠬᠠᠷᠠᠭᠠᠯᠵᠠᠬᠤ ᠴᠢᠨᠠᠷᠲᠠᠢ ᠲᠣᠬᠢᠷᠠᠭᠤᠯᠤᠯᠲᠠ ᠶᠢ ᠰᠡᠷᠭᠡᠶᠢᠯᠡᠨ᠎ᠡ᠃ ᠲᠣᠭᠤᠷᠢᠨ | ᠪᠠᠶᠢᠴᠠᠭᠠᠬᠤ ᠺᠠᠳ᠋ᠷ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠬᠥᠮᠥᠵᠢᠭᠦᠯᠦᠨ ᠪᠤᠯᠪᠠᠰᠤᠷᠠᠭᠤᠯᠬᠤ᠂ | ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠡᠷᠴᠢᠮ ᠢ ᠴᠢᠩᠭᠠᠷᠠᠭᠤᠯᠤᠨ᠎ᠠ᠃ | ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠺᠠᠳ᠋ᠷ ᠢ ᠢᠯᠡᠷᠡᠭᠦᠯᠬᠦ᠂ ᠬᠥᠮᠥᠵᠢᠭᠦᠯᠬᠦ᠂ ᠳᠠᠪᠲᠠᠨ | ᠪᠤᠯᠪᠠᠰᠤᠷᠠᠭᠤᠯᠬᠤ ᠶᠢ ᠴᠢᠬᠤᠯᠠᠴᠢᠯᠠᠵᠤ᠂ ᠰᠢᠯᠢᠳᠡᠭ ᠵᠠᠯᠠᠭᠤ ᠺᠠᠳ᠋ᠷ᠂ ᠰᠢᠨ᠎ᠡ ᠪᠠᠷ ᠳᠡᠪᠰᠢᠭᠦᠯᠦᠭᠰᠡᠨ ᠺᠠᠳ᠋ᠷ ᠢ | ᠲᠥᠯᠥᠪᠯᠡᠭᠡ ᠲᠠᠢ ᠪᠠᠷ ᠲᠣᠬᠢᠷᠠᠭᠤᠯᠤᠨ ᠲᠣᠭᠤᠷᠢᠨ ᠪᠠᠶᠢᠴᠠᠭᠠᠬᠤ ᠠᠵᠢᠯ ᠤᠨ ᠪᠠᠶᠢᠷᠢᠨ ᠳᠤ ᠣᠴᠢᠭᠤᠯᠵᠤ ᠳᠠᠪᠲᠠᠨ | ᠪᠤᠯᠪᠠᠰᠤᠷᠠᠭᠤᠯᠬᠤ ᠶᠢᠨ ᠵᠡᠷᠭᠡ ᠪᠠᠷ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠬᠰᠠᠨ ᠥᠩᠭᠡᠷᠡᠯᠲᠡ ᠪᠠ | ᠢᠯᠡᠷᠡᠯ ᠢ ᠺᠠᠳ᠋ᠷ ᠢ ᠬᠢᠨᠠᠨ ᠰᠢᠯᠭᠠᠵᠤ ᠦᠨᠡᠯᠡᠬᠦ᠂ ᠰᠣᠩᠭᠤᠨ ᠳᠡᠪᠰᠢᠭᠦᠯᠵᠦ ᠬᠡᠷᠡᠭᠯᠡᠬᠦ ᠶᠢᠨ ᠯᠠᠪᠯᠠᠯᠲᠠ ᠪᠣᠯᠭᠠᠨ᠎ᠠ᠃ | ᠳᠥᠴᠢᠳᠦᠭᠡᠷ ᠵᠦᠢᠯ ᠲᠣᠭᠤᠷᠢᠨ ᠪᠠᠶᠢᠴᠠᠭᠠᠬᠤ ᠺᠠᠳ᠋ᠷ ᠳᠣᠣᠷᠠᠬᠢ ᠨᠥᠬᠦᠴᠡᠯ ᠤᠳ ᠢ ᠪᠦᠷᠢᠯᠳᠦᠭᠦᠯᠪᠡᠯ ᠵᠣᠬᠢᠨ᠎ᠠ᠄ | ︵ᠨᠢᠭᠡ︶ ᠬᠦᠰᠡᠯᠡᠩ ᠢᠲᠡᠭᠡᠯ ᠪᠢᠰᠢᠷᠡᠯ ᠡᠷᠡᠰ ᠪᠠᠲᠤ᠂ ᠨᠠᠮ ᠳᠠᠭᠠᠨ ᠦᠨᠡᠨᠴᠢ ᠰᠢᠳᠤᠷᠭᠤ᠂ | ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ | ᠭᠡᠷᠡᠭᠲᠡᠢ︔ | ︵ᠬᠤᠶᠠᠷ︶ ᠵᠠᠷᠴᠢᠮ ᠢ ᠪᠠᠷᠢᠮᠲᠠᠯᠠᠨ᠂ ᠵᠣᠷᠢᠭᠲᠠᠢ ᠪᠠᠷ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠬᠠᠤᠯᠢ ᠶᠣᠰᠣᠭᠠᠷ ᠠᠵᠢᠯᠯᠠᠵᠤ᠂ ᠲᠥᠪ ᠭᠤᠣᠯᠴᠢ᠂ ᠠᠷᠢᠭᠤᠨ ᠴᠢᠬᠡᠴᠢ ᠪᠠᠶᠢᠬᠤ ᠭᠡᠷᠡᠭᠲᠡᠶ︔ | | ︵ᠭᠤᠷᠪᠠ︶ ᠨᠠᠮ ᠤᠨ ᠰᠠᠬᠢᠯᠭ᠎ᠠ ᠪᠠᠲᠤ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ | ᠵᠢᠱᠢᠶᠡᠴᠢ ᠪᠠᠷ ᠵᠢᠷᠤᠮᠯᠠᠨ ᠰᠠᠬᠢᠵᠤ᠂ ᠨᠠᠮ ᠪᠠ ᠤᠯᠤᠰ ᠤᠨ ᠨᠢᠭᠤᠴᠠ ᠶᠢ ᠴᠢᠩᠭ᠎ᠠ ᠬᠠᠮᠠᠭᠠᠯᠠᠬᠤ ᠭᠡᠷᠡᠭᠳᠠᠢ︔ | ︵ᠳᠥᠷᠪᠡ︶ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠲᠤᠰᠬᠠᠢ ᠮᠡᠷᠭᠡᠵᠢᠯ ᠤᠨ ᠮᠡᠳᠡᠯᠭᠡ ᠪᠠ ᠨᠡᠯᠢᠶᠡᠳ ᠴᠢᠩᠭ᠎ᠠ ᠠᠰᠠᠭᠤᠳᠠᠯ ᠢ ᠢᠯᠡᠷᠡᠭᠦᠯᠬᠦ᠂ ᠣᠯᠣᠯᠴᠠᠨ ᠵᠣᠬᠢᠴᠠᠭᠤᠯᠬᠤ᠂ | ᠦᠰᠦᠭ ᠪᠢᠴᠢᠭ ᠤᠨ ᠶᠡᠷᠦᠩᠬᠡᠶᠢᠯᠡᠭᠰᠡᠨ ᠵᠡᠷᠭᠡ ᠴᠢᠳᠠᠪᠤᠷᠢ ᠲᠠᠢ ᠪᠠᠶᠢᠬᠤ ᠭᠡᠷᠡᠭᠳᠠᠢ︔ | ︵ᠲᠠᠪᠤ︶ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ | ᠪᠠ ᠰᠡᠳᠬᠢᠴᠡ ᠶᠢᠨ ᠬᠡᠪ ᠪᠣᠯᠪᠠᠰᠤᠷᠠᠯ ᠲᠠᠢ ᠪᠠᠶᠢᠬᠤ ᠬᠡᠷᠡᠭᠲᠡᠢ᠃ | ᠠᠵᠢᠯᠲᠠᠨ ᠢ ᠰᠣᠩᠭᠤᠵᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠬᠤ ᠳᠠᠭᠠᠨ ᠳᠡᠭᠡᠷ᠎ᠡ | ᠳᠤᠷᠠᠳᠤᠭᠰᠠᠨ ᠨᠥᠬᠦᠴᠡᠯ ᠤᠨ ᠶᠣᠰᠣᠭᠠᠷ ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ | ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠠᠳᠬᠤᠵᠤ᠂ | ᠵᠢᠷᠤᠮ ᠶᠣᠰᠣᠭᠠᠷ ᠨᠠᠮ ᠤᠨ ᠰᠤᠷᠲᠠᠯ ᠴᠢᠬᠡᠴᠢ ᠵᠠᠰᠠᠭ ᠤᠨ ᠲᠤᠬᠠᠢ ᠰᠠᠨᠠᠯ ᠬᠤᠷᠢᠶᠠᠪᠠᠯ ᠵᠣᠬᠢᠨ᠎ᠠ᠃ | ᠲᠣᠭᠤᠷᠢᠨ ᠪᠠᠶᠢᠴᠠᠭᠠᠬᠤ ᠠᠵᠢᠯ ᠢ ᠬᠢᠬᠦ ᠳᠤ ᠲᠣᠬᠢᠷᠠᠬᠤ ᠦᠭᠡᠢ ᠬᠥᠮᠥᠰ ᠲᠤ ᠴᠠᠭ ᠲᠤᠬᠠᠢ ᠳᠤᠨᠢ | ᠲᠣᠬᠢᠷᠠᠭᠤᠯᠤᠯᠲᠠ ᠬᠢᠪᠡᠯ ᠵᠣᠬᠢᠨ᠎ᠠ᠃ | ᠳᠥᠴᠢᠨ ᠨᠢᠭᠡᠳᠦᠭᠡᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ ᠰᠤᠷᠲᠠᠯ ᠤᠨ ᠪᠠᠶᠢᠭᠤᠯᠤᠯᠲᠠ ᠪᠠ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠺᠠᠳ᠋ᠷᠴᠤᠳ ᠤᠨ ᠤᠯᠤᠰ | ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠬᠤ ᠶᠢ ᠱᠠᠯᠠᠪᠳᠠᠭᠤᠯᠵᠤ᠂ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ | ᠪᠦᠷᠢᠯᠭᠡᠬᠦ ᠰᠤᠷᠲᠠᠯ ᠢ ᠲᠦᠷᠦᠭᠦᠯᠡᠨ ᠡᠰᠡᠷᠭᠦᠴᠡᠵᠦ᠂ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ | ᠴᠢᠩᠭ᠎ᠠ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ | ᠴᠢᠳᠠᠮᠠᠭᠠᠢ ᠪᠠᠷ ᠲᠡᠮᠡᠴᠡᠬᠦ ᠶᠢ ᠪᠡᠶᠡᠯᠡᠭᠦᠯᠦᠨ᠎ᠡ᠃ | ᠳᠥᠴᠢᠨ ᠬᠤᠶᠠᠳᠤᠭᠠᠷ ᠵᠦᠢᠯ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ ᠪᠠᠶᠢᠴᠠᠭᠠᠬᠤ ᠺᠠᠳ᠋ᠷᠴᠤᠳ | ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ᠂ ᠠᠷᠠᠳᠴᠢᠯᠠᠭᠰᠠᠨ ᠬᠢᠨᠠᠯᠲᠠ᠂ ᠤᠯᠠᠨ ᠲᠦᠮᠡᠨ ᠤ ᠬᠢᠨᠠᠯᠲᠠ | ᠵᠡᠷᠭᠡ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷ ᠪᠡᠶ᠎ᠡ ᠶᠢᠨ ᠬᠢᠨᠠᠯᠲᠠ ᠲᠠᠯᠪᠢᠬᠤ ᠶᠢ | ᠲᠦᠷᠦᠭᠦᠯᠡᠨ ᠴᠢᠩᠭᠠᠳᠬᠠᠪᠠᠯ ᠵᠣᠬᠢᠨ᠎ᠠ᠃ ᠳᠣᠲᠣᠭᠠᠳᠤ ᠡᠵᠡᠮᠳᠡᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠬᠤ ᠺᠠᠳ᠋ᠷ ᠢᠯᠠᠩᠭᠤᠶ᠎ᠠ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠳᠠᠷᠤᠭ᠎ᠠ᠂ ᠳᠡᠳ᠋ ᠳᠠᠷᠤᠭ᠎ᠠ ᠵᠡᠷᠭᠡ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠥᠰ ᠲᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠵᠠᠶᠢᠯᠠᠬᠤ᠂ ᠨᠢᠭᠤᠴᠠ ᠶᠢ ᠬᠠᠮᠠᠭᠠᠯᠠᠬᠤ᠂ ᠴᠢᠬᠤᠯᠠ ᠶᠡᠭᠡ ᠵᠦᠢᠯᠡᠰ ᠲᠤ ᠵᠢᠭᠠᠪᠤᠷᠢ ᠠᠪᠴᠤ | ᠮᠡᠳᠡᠭᠦᠯᠬᠦ᠂ ᠣᠪᠣᠷ ᠰᠤᠷᠲᠠᠯ ᠰᠠᠬᠢᠯᠭ᠎ᠠ ᠪᠠᠲᠤ ᠶᠢ ᠦᠨᠡᠯᠡᠨ ᠵᠢᠱᠢᠬᠦ ᠵᠡᠷᠭᠡ ᠳᠦᠷᠢᠮ ᠲᠣᠭᠲᠠᠭᠠᠯ ᠢ ᠴᠢᠩᠭ᠎ᠠ | ᠬᠡᠷᠡᠭᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ | ᠶᠣᠰᠣᠭᠠᠷ ᠥᠷᠨᠢᠭᠦᠯᠦᠨ᠎ᠡ᠃ | ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠲᠣᠭᠤᠷᠢᠨ ᠪᠠᠶᠢᠴᠠᠭᠠᠬᠤ ᠪᠠᠶᠢᠭᠤᠯᠤᠮᠵᠢ᠂ ᠲᠣᠭᠤᠷᠢᠨ | ᠪᠠᠶᠢᠴᠠᠭᠠᠬᠤ ᠺᠠᠳ᠋ᠷ ᠤᠨ ᠳᠦᠷᠢᠮ ᠲᠣᠭᠲᠠᠭᠠᠯ ᠠᠴᠠ ᠵᠥᠷᠢᠴᠡᠭᠰᠡᠨ ᠰᠠᠬᠢᠯᠭ᠎ᠠ ᠪᠠᠲᠤ ᠠᠴᠠ ᠵᠥᠷᠢᠴᠡᠭᠰᠡᠨ ᠦᠶ᠋ᠯᠡ | ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃ | ᠳᠣᠯᠣᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠳᠥᠴᠢᠨ ᠭᠤᠷᠪᠠᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠨᠠᠮ ᠤᠨ ᠵᠣᠬᠢᠶᠠᠨ | ᠪᠠᠶᠢᠭᠤᠯᠤᠯᠲᠠ ᠵᠢᠴᠢ ᠲᠡᠭᠦᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ | ᠪᠠᠶᠢᠴᠠᠭᠠᠬᠤ ᠠᠵᠢᠯ ᠢ ᠰᠠᠶᠢᠲᠤᠷ ᠤᠳᠤᠷᠢᠳᠤᠭᠰᠠᠨ ᠦᠭᠡᠢ ᠠᠴᠠ ᠪᠣᠯᠵᠤ᠂ ᠬᠦᠨᠳᠦ ᠨᠣᠴᠢᠲᠠᠢ ᠠᠰᠠᠭᠤᠳᠠᠯ | ᠭᠠᠷᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ | ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠴᠢᠨ ᠳᠥᠷᠪᠡᠳᠦᠭᠡᠷ ᠵᠦᠢᠯ ᠬᠤᠯᠪᠣᠭᠳᠠᠯ ᠪᠦᠬᠦᠢ ᠪᠠᠶᠢᠭᠤᠯᠭ᠎ᠠ᠂ ᠰᠠᠯᠠᠭ᠎ᠠ ᠮᠥᠴᠢᠷ ᠪᠣᠯᠣᠨ ᠨᠢᠭᠡᠴᠢ | ᠲᠣᠭᠲᠠᠭᠠᠯ ᠢ ᠵᠥᠷᠢᠴᠡᠨ ᠲᠣᠭᠤᠷᠢᠨ ᠪᠠᠶᠢᠴᠠᠭᠠᠬᠤ ᠠᠵᠢᠯ ᠢ ᠬᠠᠮᠵᠢᠨ ᠳᠡᠮᠵᠢᠭᠰᠡᠨ ᠦᠭᠡᠢ᠂ ᠬᠦᠨᠳᠦ ᠨᠣᠴᠢᠲᠠᠢ | ᠦᠷ᠎ᠡ ᠳ᠋ᠦᠩ ᠭᠠᠷᠭᠠᠭᠰᠠᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ | ᠬᠠᠷᠢᠭᠤᠴᠠᠯᠭ᠎ᠠ ᠲᠠᠢ ᠬᠥᠮᠥᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠳᠥᠴᠢᠨ ᠲᠠᠪᠤᠳᠤᠭᠠᠷ ᠵᠦᠢᠯ ᠲᠣᠭᠤᠷᠢᠨ ᠪᠠᠶᠢᠴᠠᠭᠠᠬᠤ ᠠᠵᠢᠯᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ | ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠣᠯᠵᠤ ᠮᠡᠳᠡᠪᠡᠯ ᠵᠣᠬᠢᠬᠤ ᠴᠢᠬᠤᠯᠠ ᠠᠰᠠᠭᠤᠳᠠᠯ ᠢ ᠣᠯᠵᠤ ᠮᠡᠳᠡᠭᠰᠡᠨ ᠦᠭᠡᠢ︔ | ︵ᠬᠤᠶᠠᠷ︶ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ᠦᠨᠡᠨ ᠮᠥᠨ ᠢᠶᠠᠷ ᠨᠢ ᠮᠡᠳᠡᠭᠦᠯᠬᠦ ᠦᠭᠡᠢ᠂ ᠪᠣᠳᠠᠲᠤ | ᠬᠡᠷᠡᠭ ᠢ ᠨᠢᠭᠤᠨ ᠳᠠᠯᠳᠠᠯᠠᠵᠤ᠂ ᠭᠠᠵᠢᠭᠤᠳᠠᠭᠤᠯᠵᠤ᠂ ᠬᠤᠳᠠᠯ ᠢᠶᠠᠷ ᠵᠣᠭᠢᠶᠠᠬᠤ︔ | ︵ᠭᠤᠷᠪᠠ︶ ᠲᠣᠭᠤᠷᠢᠨ ᠪᠠᠶᠢᠴᠠᠭᠠᠬᠤ ᠠᠵᠢᠯ ᠤᠨ ᠮᠠᠲ᠋ᠧᠷᠢᠶᠠᠯ ᠢ ᠳᠤᠷ᠎ᠠ ᠪᠠᠷ ᠢᠶᠠᠨ ᠦᠯᠡᠳᠡᠭᠡᠨ ᠬᠠᠳᠠᠭᠠᠯᠠᠵᠤ᠂ | ᠲᠣᠭᠤᠷᠢᠨ ᠪᠠᠶᠢᠴᠠᠭᠠᠬᠤ ᠠᠵᠢᠯ ᠲᠠᠢ ᠬᠤᠯᠪᠣᠭᠳᠠᠬᠤ ᠤᠯᠤᠰ ᠤᠨ ᠨᠢᠭᠤᠴᠠ᠂ ᠠᠵᠢᠯ ᠤᠨ ᠨᠢᠭᠤᠴᠠ᠂ | ᠬᠤᠳᠠᠯᠳᠤᠭᠠᠨ ᠤ ᠨᠢᠭᠤᠴᠠ ᠪᠠ ᠬᠤᠪᠢ ᠬᠥᠮᠥᠨ ᠤ ᠨᠢᠭᠤᠴᠠ ᠵᠡᠷᠭᠡ ᠨᠡᠶᠢᠲᠡᠯᠡᠭᠡᠳᠦᠢ ᠮᠡᠳᠡᠭᠡ ᠵᠠᠩᠭᠢ ᠶᠢ | ᠵᠠᠳᠠᠷᠠᠭᠤᠯᠬᠤ︔ | ︵ᠳᠥᠷᠪᠡ︶ ᠠᠵᠢᠯ ᠤᠨ ᠳᠤᠮᠳᠠ ᠪᠠᠨ ᠡᠷᠬᠡ ᠶᠢᠨ ᠬᠡᠪᠴᠢᠶᠡᠨ ᠠᠴᠠ ᠪᠠᠨ ᠳᠠᠪᠠᠭᠠᠳ ᠮᠠᠭᠤ ᠦᠷ᠎ᠡ ᠳ᠋ᠦᠩ | ᠭᠠᠷᠭᠠᠬᠤ︔ | ︵ᠲᠠᠪᠤ︶ ᠲᠣᠭᠤᠷᠢᠨ ᠪᠠᠶᠢᠴᠠᠭᠠᠬᠤ ᠠᠵᠢᠯ ᠤᠨ ᠲᠦᠭᠦᠮ ᠢᠶᠠᠨ ᠠᠰᠢᠭᠯᠠᠨ ᠬᠤᠪᠢ ᠶᠢᠨ ᠠᠰᠢᠭ ᠣᠯᠬᠤ ᠪᠤᠶᠤ | ᠪᠤᠰᠤᠳ ᠬᠥᠮᠥᠨ ᠳᠤ ᠵᠦᠢ ᠪᠤᠰᠤ ᠠᠰᠢᠭ ᠣᠯᠭᠤᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠵᠢᠯᠯᠠᠭ᠎ᠠ᠃ | | ᠳᠥᠴᠢᠨ ᠵᠢᠷᠭᠤᠳᠤᠭᠠᠷ ᠵᠦᠢᠯ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠵᠢᠴᠢ | ᠲᠡᠭᠦᠨ ᠤ ᠠᠵᠢᠯᠲᠠᠳ ᠲᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠢᠯᠡ ᠪᠠᠶᠢᠳᠠᠯ ᠤᠨ ᠬᠦᠨᠳᠦ ᠬᠥᠩᠭᠡᠨ ᠢ | ᠦᠵᠡᠵᠦ᠂ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠲᠤᠰ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠤᠶᠤ ᠪᠤᠰᠤᠳ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ | ᠰᠢᠭᠦᠮᠵᠢᠯᠡᠨ ᠰᠤᠷᠭᠠᠬᠤ᠂ ᠵᠠᠷᠯᠢᠭᠳᠠᠨ ᠪᠠᠶᠢᠴᠠᠭᠠᠬᠤ᠂ ᠰᠡᠷᠡᠮᠵᠢᠯᠡᠭᠦᠯᠦᠨ ᠢᠳᠬᠠᠬᠤ᠂ ᠵᠣᠬᠢᠶᠠᠨ ᠪᠠᠶᠢᠭᠤᠯᠤᠯᠲᠠ ᠶᠢᠨ | ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ᠂ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ︔ | ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠨᠢᠭᠤᠨ ᠳᠠᠯᠳᠠᠯᠠᠵᠤ ᠮᠡᠳᠡᠭᠦᠯᠬᠦ ᠦᠭᠡᠢ ᠪᠤᠶᠤ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠳᠠᠯ | ᠬᠠᠭᠤᠷᠮᠠᠭ ᠪᠠᠶᠢᠳᠠᠯ ᠢ ᠬᠠᠨᠭ᠍ᠭᠠᠬᠤ︔ | ︵ᠬᠤᠶᠠᠷ︶ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ | ᠬᠠᠩᠭᠠᠬᠤ ᠶᠢ ᠲᠡᠪᠴᠢᠬᠦ ᠪᠤᠶᠤ ᠱᠠᠭᠠᠷᠳᠠᠯᠭ᠎ᠠ ᠶᠣᠰᠣᠭᠠᠷ ᠬᠠᠩᠭᠠᠬᠤ ᠦᠭᠡᠢ︔ | ︵ᠭᠤᠷᠪᠠ︶ ᠬᠤᠯᠪᠣᠭᠳᠠᠯ ᠪᠦᠬᠦᠢ ᠨᠢᠭᠡᠴᠢ ᠪᠤᠶᠤ ᠬᠥᠮᠥᠰ ᠢ ᠵᠢᠭᠠᠨ ᠳᠣᠬᠢᠵᠤ᠂ ᠠᠯᠪᠠᠳᠠᠨ ᠵᠠᠷᠯᠢᠭᠳᠠᠵᠤ | ᠪᠠᠶᠢᠭᠠᠳ ᠲᠣᠭᠤᠷᠢᠨ ᠪᠠᠶᠢᠴᠠᠭᠠᠬᠤ ᠠᠵᠢᠯ ᠳᠤ ᠭᠠᠷ ᠲᠦᠷᠦᠭᠦ᠂ ᠬᠠᠷᠰᠢᠯᠠᠬᠤ ᠪᠤᠶᠤ ᠪᠤᠰᠤᠳ ᠢ ᠭᠦᠳᠬᠡᠨ | ᠵᠠᠭᠠᠯᠳᠤᠵᠤ᠂ ᠬᠤᠣᠷᠯᠠᠬᠤ︔ | ︵ᠳᠥᠷᠪᠡ︶ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠵᠤ | ᠤᠳᠤᠷᠢᠳᠤᠭᠰᠠᠨ ᠨᠢ ᠬᠦᠴᠦᠨ ᠦᠭᠡᠢ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠭᠰᠠᠨ ᠨᠢ ᠭᠦᠢᠴᠡᠳ ᠦᠭᠡᠢ᠂ ᠬᠠᠰᠢ ᠶᠠᠰᠢ ᠪᠠᠷ ᠠᠷᠭᠠᠴᠠᠭᠠᠵᠤ᠂ ᠬᠤᠳᠠᠯ ᠬᠠᠭᠤᠷᠮᠠᠭ ᠢᠶᠠᠷ | ᠴᠡᠭᠴᠡᠯᠡᠨ ᠰᠠᠶᠢᠵᠢᠷᠠᠭᠤᠯᠬᠤ︔ | ︵ᠲᠠᠪᠤ︶ ᠠᠰᠠᠭᠤᠳᠠᠯ ᠢ ᠲᠤᠰᠬᠠᠭᠰᠠᠨ ᠺᠠᠳ᠋ᠷ ᠤᠯᠠᠨ ᠲᠦᠮᠡᠨ ᠢ ᠰᠦᠷᠳᠡᠭᠦᠯᠵᠦ᠂ ᠴᠣᠬᠢᠯᠲᠠ ᠥᠭᠴᠦ᠂ | ᠥᠰᠢᠶ᠎ᠡ ᠠᠪᠴᠤ᠂ ᠬᠤᠣᠷᠯᠠᠬᠤ︔ | ︵ᠵᠢᠷᠭᠤᠭ᠎ᠠ︶ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠦᠭᠡᠢ ᠪᠤᠶᠤ ᠬᠠᠷᠰᠢᠯᠠᠭᠰᠠᠨ ᠪᠤᠰᠤᠳ | ᠪᠠᠶᠢᠳᠠᠯ᠃ | ᠨᠠᠢᠮᠠᠳᠤᠭᠠᠷ ᠪᠦᠯᠦᠭ ᠴᠠᠭᠳᠠᠨ ᠪᠠᠶᠢᠴᠠᠭᠠᠬᠤ ᠠᠵᠢᠯ | ᠳᠥᠴᠢᠨ ᠳᠣᠯᠣᠳᠤᠭᠠᠷ ᠵᠦᠢᠯ ᠨᠠᠮ ᠤᠨ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠪᠣᠯᠣᠨ ᠰᠢᠶᠠᠨ ︵ | ᠬᠤᠳᠠ᠂ ᠲᠣᠭᠤᠷᠢᠭ᠂ ᠬᠤᠰᠢᠭᠤ︶ ᠤ ᠬᠤᠷᠢᠶ᠎ᠠ ᠴᠠᠭᠳᠠᠨ ᠪᠠᠶᠢᠴᠠᠭᠠᠬᠤ ᠳᠦᠷᠢᠮ ᠢ ᠪᠠᠶᠢᠭᠤᠯᠵᠤ᠂ ᠴᠠᠭᠳᠠᠨ | ᠪᠠᠶᠢᠴᠠᠭᠠᠬᠤ ᠪᠠᠶᠢᠭᠤᠯᠤᠮᠵᠢ ᠪᠠᠶᠢᠭᠤᠯᠵᠤ᠂ ᠨᠢᠭᠡ ᠲᠤᠰᠢᠶᠠᠯ ᠤᠨ ᠬᠤᠭᠤᠴᠠᠭᠠᠨ ᠳᠤ ᠬᠠᠮᠢᠶᠠᠷᠴᠤ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ ᠳᠤ ᠴᠠᠭᠳᠠᠨ ᠪᠠᠶᠢᠴᠠᠭᠠᠬᠤ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠨᠢ ᠴᠠᠭᠳᠠᠨ ᠪᠠᠶᠢᠴᠠᠭᠠᠬᠤ ᠠᠵᠢᠯ ᠥᠷᠨᠢᠭᠦᠯᠬᠦ ᠴᠢᠬᠤᠯᠠᠲᠠᠢ | ᠪᠠᠶᠢᠪᠠᠯ᠂ ᠳᠡᠭᠡᠳᠦ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠢᠶᠠᠷ ᠳᠠᠮᠵᠢᠭᠤᠯᠤᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠳᠤ ᠮᠡᠳᠡᠭᠦᠯᠵᠦ ᠵᠥᠪᠰᠢᠶᠡᠷᠡᠭᠦᠯᠪᠡᠯ ᠵᠣᠬᠢᠨ᠎ᠠ᠃ | ᠳᠥᠴᠢᠨ ᠨᠠᠢᠮᠠᠳᠤᠭᠠᠷ ᠵᠦᠢᠯ ᠬᠤᠳᠠ ︵ᠲᠤᠰᠬᠠᠢ ᠣᠷᠣᠨ᠂ ᠵᠧᠦ᠂ ᠠᠶᠢᠮᠠᠭ︶ ᠶᠢᠨ ᠨᠠᠮ ᠤᠨ ᠬᠤᠷᠢᠶ᠎ᠠ ᠶᠢᠨ | ᠴᠠᠭᠳᠠᠨ ᠪᠠᠶᠢᠴᠠᠭᠠᠭᠳᠠᠬᠤ ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ | ᠤᠳᠤᠷᠢᠳᠬᠤ ᠪᠠᠭ᠂ ᠬᠤᠳᠠ ᠶᠢᠨ ᠱᠠᠲᠤᠨ ᠤ ᠲᠦᠷᠦ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ | ᠪᠦᠯᠭᠦᠮ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶᠂ ᠬᠤᠳᠠ ︵ᠲᠤᠰᠬᠠᠢ ᠣᠷᠣᠨ᠂ ᠵᠧᠦ᠂ | ᠠᠶᠢᠮᠠᠭ︶ ᠶᠢᠨ ᠬᠠᠮᠢᠶᠠᠷᠴᠤ ᠪᠠᠶᠢᠭ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠶᠢ | ᠱᠠᠭᠠᠷᠳᠠᠭᠰᠠᠨ ᠨᠠᠮ ᠤᠨ ᠪᠤᠰᠤᠳ ᠵᠣᠬᠢᠶᠠᠨ ᠪᠠᠶᠢᠭᠤᠯᠤᠯᠲᠠ ᠪᠣᠯᠣᠨ᠎ᠠ᠃ | ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠭᠳᠠᠬᠤ | ᠡᠲᠡᠭᠡᠳ ᠪᠣᠯ᠄ ᠨᠠᠮ ᠤᠨ ᠬᠤᠷᠢᠶ᠎ᠠ ᠶᠢᠨ ᠠᠵᠢᠯ ᠤᠨ ᠰᠠᠯᠠᠭ᠎ᠠ ᠮᠥᠴᠢᠷ ᠤᠨ ᠤᠳᠤᠷᠢᠳᠬᠤ ᠪᠠᠭ᠂ ᠰᠢᠶᠠᠨ ᠤ | ᠱᠠᠲᠤᠨ ᠤ ᠲᠥᠷᠥ ᠶᠢᠨ ᠪᠠᠶᠢᠭᠤᠯᠭ᠎ᠠ ᠶᠢᠨ ᠰᠠᠯᠠᠭ᠎ᠠ ᠮᠥᠴᠢᠷ᠂ ᠠᠷᠠᠳ ᠤᠨ ᠪᠦᠯᠭᠦᠮ ᠤᠨ ᠨᠠᠮ ᠤᠨ ᠤᠳᠤᠷᠢᠳᠬᠤ | ᠳᠤᠭᠤᠶᠢᠯᠠᠩ ︵ᠨᠠᠮ ᠤᠨ ᠬᠤᠷᠢᠶ᠎ᠠ︶᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠬᠠᠮᠢᠶᠠᠷᠴᠤ ᠪᠠᠶᠢᠭ᠎ᠠ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ | ᠪᠠᠶᠢᠭᠤᠯᠤᠯᠲᠠ᠂ ᠬᠠᠷᠢᠶ᠎ᠠ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ | ᠨᠠᠮ ᠤᠨ ᠵᠣᠬᠢᠶᠠᠨ ᠪᠠᠶᠢᠭᠤᠯᠤᠯᠲᠠ ᠵᠢᠴᠢ ᠨᠠᠮ ᠤᠨ ᠬᠤᠷᠢᠶ᠎ᠠ ᠠᠴᠠ ᠴᠠᠭᠳᠠᠨ ᠪᠠᠶᠢᠴᠠᠭᠠᠬᠤ ᠶᠢ ᠱᠠᠭᠠᠷᠳᠠᠭᠰᠠᠨ | ᠪᠤᠰᠤᠳ ᠨᠠᠮ ᠤᠨ ᠵᠣᠬᠢᠶᠠᠨ ᠪᠠᠶᠢᠭᠤᠯᠤᠯᠲᠠ ᠪᠣᠯᠣᠨ᠎ᠠ᠃ | ᠳᠥᠴᠢ ᠶᠢᠰᠦᠳᠦᠭᠡᠷ ᠵᠦᠢᠯ ᠴᠠᠭᠳᠠᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠬᠢᠨᠠᠯᠲᠠ ᠶᠢᠨ ᠪᠠᠶᠢᠷᠢ | ᠲᠣᠭᠲᠠᠭᠠᠯᠲᠠ ᠶᠢ ᠪᠠᠲᠤ ᠰᠠᠬᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ᠂ ᠴᠠᠭᠳᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ | ᠪᠠᠶᠢᠴᠠᠭᠠᠯᠲᠠ ᠪᠠᠨ ᠴᠢᠩᠭᠠᠳᠬᠠᠪᠠᠯ ᠵᠣᠬᠢᠨ᠎ᠠ᠃ | ᠲᠠᠪᠢᠳᠤᠭᠠᠷ ᠵᠦᠢᠯ ᠴᠠᠭᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ | ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ᠂ ᠠᠵᠢᠯ ᠤᠨ ᠲᠡᠰ ᠳᠠᠷᠠᠭᠠᠯᠠᠯ ᠪᠠ ᠠᠷᠭ᠎ᠠ ᠭᠡᠯᠪᠡᠷᠢ ᠶᠢᠨ ᠡᠷᠬᠡ ᠶᠢᠨ | ᠬᠡᠪᠴᠢᠶ᠎ᠡ᠂ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ᠂ ᠡᠩᠨᠡᠭᠡ ᠶᠢᠨ ᠪᠠᠶᠢᠭᠤᠯᠤᠯᠲᠠ᠂ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠶᠢ ᠲᠤᠰ ᠳᠦᠷᠢᠮ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ | ᠲᠣᠭᠲᠠᠭᠠᠯ ᠢᠶᠠᠷ ᠯᠠᠪᠯᠠᠯᠲᠠ ᠪᠤᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠨ ᠨᠢᠭᠡᠳᠦᠭᠡᠷ ᠵᠦᠢᠯ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠣᠯᠣᠨ ᠳᠤᠮᠳᠠᠳᠤ | ᠤᠯᠤᠰ ᠤᠨ ᠠᠷᠠᠳ ᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠲᠣᠭᠤᠷᠢᠨ ᠪᠠᠶᠢᠴᠠᠭᠠᠬᠤ ᠳᠦᠷᠢᠮ ᠢ ᠬᠡᠷᠡᠭᠵᠢᠭᠦᠯᠬᠦ ᠲᠤᠬᠠᠢ ᠲᠣᠭᠲᠠᠭᠠᠯ ᠢ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠠᠴᠠ ᠲᠤᠰ ᠳᠦᠷᠢᠮ ᠢᠶᠠᠷ ᠯᠠᠪᠯᠠᠯᠲᠠ ᠪᠤᠯᠭᠠᠵᠤ ᠲᠣᠭᠲᠠᠭᠠᠨ᠎ᠠ᠃ | ᠲᠠᠪᠢᠨ ᠬᠤᠶᠠᠳᠤᠭᠠᠷ ᠵᠦᠢᠯ ᠲᠤᠰ ᠳᠦᠷᠢᠮ ᠢ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ | ᠲᠠᠪᠢᠨ ᠭᠤᠷᠪᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠠᠴᠠ ᠡᠮᠦᠨ᠎ᠡ ᠨᠡᠶᠢᠲᠡᠯᠡᠭᠰᠡᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠪᠤᠰᠤᠳ ᠲᠣᠭᠲᠠᠭᠠᠯ ᠳᠤ᠂ ᠲᠤᠰ | ᠳᠦᠷᠢᠮ ᠲᠠᠢ ᠨᠢᠭᠡᠳᠦᠯ ᠦᠭᠡᠢ ᠪᠠᠶᠢᠪᠠᠯ ᠲᠤᠰ ᠳᠦᠷᠢᠮ ᠤᠨ ᠶᠣᠰᠣᠭᠠᠷ ᠬᠡᠷᠡᠭᠵᠢᠭᠦᠯᠦᠨ᠎ᠡ᠃ |