ᠥᠪᠥᠷ ᠮᠣᠩᠭᠤᠯ ᠤᠨ ᠰᠢᠪᠡᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/2/28
          ᠥᠪᠥᠷ ᠮᠣᠩᠭᠤᠯ ᠤᠨ ᠰᠢᠪᠡᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠬᠥᠯᠥᠨ ᠪᠤᠶᠢᠷ ᠬᠤᠲᠠ ᠶᠢᠨ ᠡᠷᠭᠦᠨ᠎ᠡ ᠬᠤᠲᠠ ᠶᠢᠨ ᠬᠢᠯᠢ ᠳᠤ ᠪᠠᠶᠢᠷᠢᠯᠠᠵᠤ᠂ ᠬᠠᠮᠠᠭᠠᠯᠠᠯᠲᠠ ᠶᠢᠨ ᠣᠷᠣᠨ ᠨᠢ ᠣᠶ ᠰᠢᠭᠤᠶ ᠶᠢᠨ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠷᠭᠤᠮᠠᠯ᠂ ᠡᠷᠭᠦᠨ᠎ᠡ ᠭᠤᠤᠯ᠂ ᠬᠠᠷ᠎ᠠ ᠭᠤᠤᠯ ᠤᠨ ᠤᠰᠤᠨ ᠤ ᠡᠬᠢ ᠰᠤᠷᠪᠤᠯᠵᠢ ᠶᠢᠨ ᠣᠷᠤᠨ ᠢᠶᠠᠷ ᠭᠤᠤᠯ ᠬᠠᠮᠠᠭᠠᠯᠠᠬᠤ ᠡᠲᠡᠭᠡᠳ ᠪᠣᠯᠭᠠᠵᠤ᠂ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠠᠯᠠᠪᠠᠶ ᠨᠢ 105384 . 66 ᠾᠧᠺᠲ᠋ᠠᠷ ᠪᠣᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠰᠢᠪᠡᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠬᠡᠭᠡᠷ᠎ᠡ ᠶᠢᠨ ᠠᠮᠢᠲᠠᠨ ᠢ ᠬᠠᠮᠠᠭᠠᠯᠠᠵᠤ ᠬᠢᠨᠠᠨ ᠬᠡᠮᠵᠢᠬᠦ ᠠᠵᠢᠯ ᠢ ᠪᠥᠬᠦ ᠲᠠᠯ᠎ᠠ ᠪᠠᠷ ᠥᠷᠨᠢᠭᠦᠯᠦᠭᠰᠡᠨ ᠪᠥᠭᠡᠳ ᠢᠯᠡᠳᠲᠡ ᠦᠷ᠎ᠡ ᠪᠦᠲᠦᠮᠵᠢ ᠤᠯᠪᠠ᠃     ᠨᠢᠭᠡ ᠳᠤ᠂ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠪᠠ᠃ ᠰᠢᠪᠡᠭᠡ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨ ᠡᠳᠦᠷ ᠳᠤᠳᠤᠮ ᠤᠨ ᠬᠠᠮᠢᠶᠠᠷᠤᠯᠲᠠ ᠬᠠᠮᠠᠭᠠᠯᠠᠯᠲᠠ᠂ ᠲᠣᠭᠤᠷᠢᠨ ᠬᠠᠮᠠᠭᠠᠯᠠᠬᠤ ᠠᠵᠢᠯ ᠢ ᠢᠳᠡᠪᠬᠢᠲᠡᠢ ᠥᠷᠨᠢᠭᠦᠯᠪᠡ᠃ ᠡᠭᠦᠨ ᠤ ᠬᠠᠮᠲᠤ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠪᠤᠯᠤᠩ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠎ ᠶᠢ ᠲᠦᠭᠡᠮᠡᠯᠵᠢᠬᠦᠯᠬᠦ ᠵᠡᠷᠭᠡ ᠠᠷᠭ᠎ᠠ ᠬᠡᠯᠪᠡᠷᠢ ᠪᠠᠷ ᠬᠠᠮᠠᠭᠠᠯᠠᠯᠲᠠ ᠶᠢᠨ ᠣᠷᠣᠨ ᠤ ᠤᠤᠯ ᠤᠨ ᠰᠠᠭᠤᠭᠠᠯᠢ ᠠᠷᠠᠳ ᠲᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠬᠡᠭᠡᠷ᠎ᠡ ᠶᠢᠨ ᠠᠮᠢᠲᠠᠨ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠲᠤᠬᠠᠶ ᠣᠯᠠᠨ ᠲᠦᠮᠡᠨ ᠤ  ᠬᠡᠭᠡᠷ᠎ᠡ ᠶᠢᠨ ᠠᠮᠢᠲᠠᠨ ᠢ ᠬᠠᠮᠠᠭᠠᠯᠠᠬᠤ  ᠦᠵᠡᠯ ᠤᠬᠠᠮᠰᠠᠷ ᠢ ᠳᠡᠭᠡᠭᠰᠢᠯᠡᠬᠦᠯᠪᠡ᠃     ᠬᠤᠶᠠᠷ ᠲᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠬᠢᠨᠠᠨ ᠬᠡᠮᠵᠢᠯᠲᠡ ᠶᠢ ᠬᠦᠴᠦᠲᠡᠢ ᠦᠷᠨᠢᠬᠦᠯᠪᠡ᠃ ᠤᠯᠠᠭᠠᠨ ᠤ ᠭᠠᠳᠠᠨᠠᠬᠢ ᠲᠤᠶᠠᠭᠠᠨ ᠤ ᠬᠡᠷᠡᠯ ᠵᠢᠷᠤᠭ ᠤᠨ ᠮᠠᠰᠢᠨ ᠪᠣᠯᠤᠨ 24 ᠴᠠᠭ ᠤᠨ ᠲᠤᠬᠠᠶ ᠶᠢᠨ ᠴᠠᠭ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠭᠦᠢᠴᠡᠳ ᠠᠰᠢᠭᠯᠠᠨ ᠬᠠᠮᠠᠭᠠᠯᠠᠯᠲᠠ ᠶᠢᠨ ᠣᠷᠣᠨ ᠤ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠲᠤ ᠬᠢᠨᠠᠨ ᠬᠡᠮᠵᠢᠯᠲᠡ ᠬᠢᠵᠦ᠂ ᠣᠲᠣ ᠪᠣᠯᠲᠠᠯ᠎ᠠ᠂ ᠨᠢᠭᠡᠨᠲᠡ 20 ᠭᠠᠷᠤᠶ ᠵᠦᠢᠯ ᠤᠨ ᠬᠡᠭᠡᠷ᠎ᠡ ᠶᠢᠨ ᠠᠮᠢᠲᠠᠨ ᠢ ᠤᠯᠵᠤ ᠮᠡᠳᠡᠭᠰᠡᠨ ᠪᠠᠶᠢᠨ᠎ᠠ᠃ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠳᠤ ᠬᠠᠨᠳᠠᠭᠠᠶ᠂ ᠪᠤᠯᠠᠭ᠎ᠠ ᠂ ᠪᠦᠷᠭᠦᠳ ᠪᠤᠶ︔ ᠤᠯᠤᠰ ᠤᠨ II ᠲᠠᠰ ᠤᠨ ᠬᠠᠮᠠᠭᠠᠯᠠᠯᠲᠠ ᠳᠤ ᠰᠢᠯᠦᠭᠦᠰᠦ᠂ ᠴᠢᠨ᠋ᠸ᠎ᠠ᠂ ᠬᠦᠷᠡᠩ ᠪᠠᠭᠠᠪᠠᠭᠠᠶ᠂ ᠴᠠᠰᠤᠨ ᠲᠠᠤᠯᠠᠢ ᠵᠡᠷᠭᠡ ᠪᠤᠶ᠃      ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢ ᠬᠢᠨᠠᠨ ᠬᠡᠮᠵᠢᠬᠦ ᠵᠡᠷᠭᠡ ᠠᠵᠢᠯ ᠢ ᠥᠷᠨᠢᠭᠦᠯᠬᠦ ᠪᠠᠷ ᠳᠠᠮᠵᠢᠨ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠮᠢᠲᠠᠨ ᠤ ᠣᠷᠣᠰᠢᠨ ᠠᠮᠢᠳᠤᠷᠠᠬᠤ ᠭᠠᠵᠠᠷ ᠣᠷᠣᠨ ᠢ ᠪᠦᠲᠦᠮᠵᠢᠲᠡᠶ ᠬᠠᠮᠠᠭᠠᠯᠠᠨ ᠢᠳᠡᠪᠬᠢᠲᠡᠶ ᠪᠠᠷ ᠰᠠᠶᠢᠵᠢᠷᠠᠭᠤᠯᠬᠤ ᠶᠢᠨ ᠬᠠᠮᠲᠤ᠂ ᠬᠢᠨᠠᠨ ᠬᠡᠮᠵᠢᠵᠦ ᠣᠯᠤᠭᠰᠠᠨ ᠬᠡᠭᠡᠷ᠎ᠡ ᠶᠢᠨ ᠠᠮᠢᠲᠠᠨ ᠤ ᠵᠢᠷᠤᠭ ᠳᠦᠷᠰᠦ ᠶᠢᠨ ᠮᠠᠲ᠋ᠧᠷᠢᠶᠠᠯ ᠨᠢ ᠬᠤᠶᠢᠰᠢᠳᠠ ᠶᠢᠨ ᠬᠠᠮᠠᠭᠠᠯᠠᠯᠲᠠ ᠶᠢᠨ ᠣᠷᠣᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠳᠠᠯᠤᠯᠲᠠ ᠬᠢᠵᠦ᠂ ᠲᠤᠰ ᠭᠠᠵᠠᠷ ᠤᠨ ᠪᠠᠶᠢᠴᠠᠭᠠᠯᠲᠠ ᠪᠠ ᠳᠡᠯᠭᠡᠨ ᠦᠵᠡᠭᠦᠯᠦᠯᠭᠡ ᠳᠤ ᠬᠤᠪᠣᠷ ᠨᠠᠨᠳᠢᠨ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠰᠢᠪᠡᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠢᠳᠡᠪᠬᠢᠲᠡᠶ ᠬᠠᠮᠠᠭᠠᠯᠠᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号