ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠤᠨ ᠦᠯᠢᠭᠡᠷ ᠬᠡᠪ ᠤᠨ ᠲᠠᠰᠤᠭ ᠢ ᠪᠠᠶᠢᠭᠤᠯᠵᠤ ᠳᠠᠭᠤᠰᠤᠭᠰᠠᠨ ᠪᠥᠭᠡᠳ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2024/2/29
     ᠦᠯᠢᠭᠡᠷ ᠬᠡᠪ ᠤᠨ ᠰᠢᠨᠵᠢᠯᠡᠬᠦ ᠤᠬᠠᠭᠠᠨ ᠤ ᠰᠤᠳᠤᠯᠤᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠶᠡᠷᠦᠩᠬᠡᠶ ᠥᠷᠲᠡᠭᠡ ︵ᠳᠣᠷᠣᠭᠰᠢ ︽ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ︾ ᠭᠡᠵᠦ ᠲᠣᠪᠴᠢᠯᠠᠨ᠎ᠠ︶᠎ ᠨᠢ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠲᠥᠷᠥᠯ ᠵᠦᠢᠯ ᠢᠶᠠᠷ ᠳᠠᠮᠵᠢᠨ᠂ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠤᠨ ᠦᠯᠢᠭᠡᠷ ᠬᠡᠪ ᠤᠨ ᠲᠠᠰᠤᠭ ᠪᠠᠶᠢᠭᠤᠯᠤᠭᠰᠠᠨ ᠤ ᠬᠠᠮᠲᠤ ᠠᠰᠢᠭᠯᠠᠯᠲᠠ ᠳᠤ ᠤᠷᠤᠭᠤᠯᠪᠠ᠃      ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠤᠨ ᠦᠯᠢᠭᠡᠷ ᠬᠡᠪ ᠤᠨ ᠲᠠᠰᠤᠭ ᠢ ᠦᠯᠢᠭᠡᠷ ᠬᠡᠪ ᠰᠢᠢᠳᠪᠦᠷᠢᠯᠡᠬᠦ ᠲᠠᠰᠤᠭ᠂ ᠦᠯᠢᠭᠡᠷ ᠬᠡᠪ ᠢ ᠬᠠᠳᠠᠭᠠᠯᠠᠬᠤ ᠲᠠᠰᠤᠭ ᠪᠠ ᠦᠯᠢᠭᠡᠷ ᠬᠡᠪ ᠤᠨ ᠦᠵᠡᠬᠦᠯᠦᠯᠭᠡ ᠶᠢᠨ ᠲᠠᠰᠤᠭ ᠭᠡᠵᠦ ᠭᠤᠷᠪᠠᠨ ᠴᠢᠳᠠᠮᠵᠢᠲᠤ ᠣᠷᠣᠨ ᠬᠤᠪᠢᠶᠠᠪᠠ᠃ ᠡᠭᠦᠨ ᠳᠤ ᠬᠡᠪ ᠥᠯᠢᠭᠡᠷ ᠢ ᠬᠠᠳᠠᠭᠠᠯᠠᠬᠤ ᠲᠠᠰᠤᠭ 3 ᠪᠣᠶ᠂ ᠲᠣᠰ ᠲᠣᠰ ᠨᠤᠲᠤᠭ ᠪᠡᠯᠴᠢᠭᠡᠷ ᠤᠨ ᠰᠢᠪᠠᠵᠢ ᠶᠢᠨ ᠥᠯᠢᠭᠡᠷ  ᠬᠡᠪ  ᠤᠨ ᠲᠠᠰᠤᠭ᠂ ᠨᠤᠲᠤᠭ ᠪᠡᠯᠴᠢᠭᠡᠷ ᠤᠨ ᠮᠡᠷᠡᠭᠴᠢ ᠠᠮᠢᠲᠠᠨ ᠤ ᠥᠯᠢᠭᠡᠷ  ᠬᠡᠪ ᠤᠨ ᠲᠠᠰᠤᠭ ᠪᠠ ᠤᠷᠭᠤᠮᠠᠯ ᠤᠨ ︵ᠡᠪᠡᠳᠴᠢᠨ ᠤ ᠬᠥᠨᠥᠭᠡᠯ᠂ ᠬᠤᠤᠷᠲᠤ ᠡᠪᠡᠰᠦ︶ ᠥᠯᠢᠭᠡᠷ  ᠬᠡᠪ  ᠤᠨ ᠲᠠᠰᠤᠭ ᠪᠣᠯᠤᠨ᠎ᠠ᠂ ᠶᠡᠷᠦᠩᠬᠡᠶ ᠲᠠᠯᠠᠪᠠᠶ ᠨᠢ ᠪᠠᠷᠤᠭ 60 ㎡ ᠪᠠᠶᠢᠵᠤ᠂ 6500 ᠬᠤᠪᠢ ᠥᠯᠢᠭᠡᠷ  ᠬᠡᠪ ᠢ ᠬᠠᠳᠠᠭᠠᠯᠠᠵᠤ ᠪᠣᠯᠤᠨ᠎ᠠ︔ ᠦᠯᠢᠭᠡᠷ ᠬᠡᠪ ᠤᠨ ᠦᠵᠡᠬᠦᠯᠦᠯᠭᠡ ᠎ ᠶᠢᠨ ᠲᠠᠰᠤᠭ1᠂ ᠡᠵᠡᠯᠡᠬᠦ ᠲᠠᠯᠠᠪᠠᠢ ᠨᠢ ᠪᠠᠷᠤᠭ 30 ㎡᠂ 200 ᠬᠤᠪᠢ ᠦᠯᠢᠭᠡᠷ ᠬᠡᠪ ᠢ ᠳᠡᠯᠭᠡᠨ ᠦᠵᠡᠬᠦᠯᠵᠦ ᠪᠣᠯᠤᠨ᠎ᠠ︔ ᠦᠯᠢᠭᠡᠷ ᠬᠡᠪ ᠰᠢᠢᠳᠪᠦᠷᠢᠯᠡᠬᠦ ᠲᠠᠰᠤᠭ 1᠂ ᠡᠵᠡᠯᠡᠬᠦ ᠲᠠᠯᠠᠪᠠᠢ ᠨᠢ 20㎡᠃ ᠦᠯᠢᠭᠡᠷ ᠬᠡᠪ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠪᠠ ᠲᠡᠦᠬᠡ ᠶᠢᠨ ᠦᠷᠭᠦᠯᠵᠢᠯᠡᠯᠳᠦ ᠴᠢᠨᠠᠷ ᠢ ᠪᠠᠲᠤᠯᠠᠬᠤ ᠶᠢᠨ ᠲᠥᠯᠥᠭᠡ᠂ ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ ᠨᠢ ᠪᠠᠰᠠ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠳᠡᠭᠡᠷ᠎ᠡ ᠵᠠᠭᠤᠨ ᠤ ᠨᠠᠶᠠᠭᠠᠳ ᠣᠨ ᠳᠤ ᠴᠤᠭᠯᠠᠭᠤᠯᠤᠨ ᠬᠠᠳᠠᠭᠠᠯᠠᠵᠤ ᠪᠠᠶᠢᠭᠰᠠᠨ ᠨᠤᠲᠤᠭ ᠪᠡᠯᠴᠢᠭᠡᠷ ᠤᠨ ᠬᠤᠤᠷᠲᠤ ᠠᠮᠢᠳᠤ ᠪᠣᠳᠠᠰ ᠤᠨ ᠦᠯᠢᠭᠡᠷ ᠬᠡᠪ ᠢ ᠪᠦᠬᠦᠨ ᠢ ᠦᠯᠢᠭᠡᠷ ᠬᠡᠪ ᠢ  ᠵᠦᠭᠡᠭᠡᠪᠦᠷᠢᠯᠡᠬᠦ ᠱᠠᠭᠠᠷᠳᠠᠯᠭ᠎ᠠ ᠶᠣᠰᠣᠭᠠᠷ ᠰᠢᠯᠵᠢᠭᠦᠯᠦᠨ ᠠᠪᠴᠢᠷᠠᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠳᠠᠬᠢᠨ ᠲᠥᠷᠥᠯ ᠬᠤᠪᠢᠶᠠᠬᠤ᠂ ᠠᠷᠢᠭᠤᠳᠬᠠᠬᠤ᠂ ᠬᠥᠮᠥᠷᠭᠡᠯᠡᠬᠦ ᠪᠠᠷ ᠳᠡᠮᠵᠢᠨ᠂ ᠰᠢᠪᠠᠵᠢ ᠶᠢᠨ  ᠦᠯᠢᠭᠡᠷ ᠬᠡᠪ ᠨᠡᠶᠢᠲᠡ 1000 ᠭᠠᠷᠤᠶ ᠬᠠᠶᠢᠷᠴᠠᠭ᠂ ᠮᠡᠷᠡᠭᠴᠢ ᠠᠮᠢᠲᠠᠨ ᠤ ᠦᠯᠢᠭᠡᠷ ᠬᠡᠪ ᠨᠡᠶᠢᠲᠡ 200 ᠭᠠᠷᠤᠶ ᠬᠠᠶᠢᠷᠴᠠᠭ ᠡᠮᠬᠢᠯᠡᠪᠡ᠃     ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠤᠨ ᠥᠯᠢᠭᠡᠷ ᠬᠡᠪ ᠤᠨ ᠲᠠᠰᠤᠭ ᠢ ᠠᠰᠢᠭᠯᠠᠯᠲᠠ ᠳᠤ ᠣᠷᠣᠭᠤᠯᠤᠭᠰᠠᠨ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠤᠳᠤᠯᠭᠠᠨ ᠤ ᠮᠠᠲ᠋ᠧᠷᠢᠶᠠᠯ ᠬᠠᠩᠭᠠᠵᠤ᠂ ᠲᠤᠰᠬᠠᠶ ᠮᠡᠷᠭᠡᠵᠢᠯ ᠤᠨ ᠠᠵᠢᠯᠲᠠᠨ ᠳᠤ ᠲᠦᠬᠦᠮ ᠲᠦᠳᠡ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠳᠤ ᠲᠠᠪᠴᠠᠩ  ᠬᠠᠩᠭᠠᠭᠰᠠᠨ ᠪᠠᠶᠢᠨ᠎ᠠ᠃
W020240228584444154391_ORIGIN.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号