ᠰᠢ ᠶᠢᠨ ᠫᠢᠩ ᠰᠢᠶᠧᠷᠠ ᠯᠢᠶᠤᠨ ᠤ ᠶᠡᠷᠦᠩᠬᠡᠶᠢᠯᠡᠭᠴᠢ ᠪᠢ᠊· ᠤᠤ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/2/29
     2 ᠰᠠᠷ᠎ᠠ ᠶᠢᠨ 28᠎ ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠰᠢᠶᠧᠷᠠ ᠯᠢᠶᠤᠨ ᠤ ᠶᠡᠷᠦᠩᠬᠡᠶᠢᠯᠡᠭᠴᠢ ᠪᠢ᠊ · ᠤᠤ ᠲᠠᠢ ᠬᠡᠯᠡᠯᠴᠡᠭᠡ ᠬᠢᠪᠡ᠃
6384479512233543662127149.png
     ᠤᠯᠤᠰ ᠤᠨ ᠲᠡᠷᠢᠭᠦᠯᠡᠭᠴᠢ ᠰᠢ ᠶᠢᠨ ᠫᠢᠩ 2 ᠰᠠᠷ᠎ᠠ ᠶᠢᠨ 28᠎ ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠠᠶᠢᠯᠴᠢᠯᠠᠯᠲᠠ ᠬᠢᠬᠦ ᠪᠠᠷ ᠢᠷᠡᠭᠰᠡᠨ ᠰᠢᠶᠧᠷᠠ ᠯᠢᠶᠤᠨ ᠤ ᠶᠡᠷᠦᠩᠬᠡᠶᠢᠯᠡᠭᠴᠢ ᠪᠢ᠊ · ᠤᠤ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠪᠣᠯᠤᠨ ᠬᠠᠲᠤᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠪᠢ᠊ · ᠤᠤ ᠬᠢᠭᠡᠳ ᠲᠡᠭᠦᠨ ᠤ ᠬᠠᠲᠤᠨ ᠹᠠᠳᠢᠮᠠ ᠬᠤᠶᠠᠷ ᠢ ᠤᠭᠲᠤᠬᠤ ᠶᠣᠰᠣᠯᠠᠯ ᠬᠢᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠬᠤᠸᠠᠩ ᠵᠢᠩ ᠸᠧᠨ ᠰᠡᠭᠦᠳᠡᠷᠯᠡᠪᠡ᠃      ᠰᠢ ᠶᠢᠨ ᠫᠢᠩ᠂ ᠳᠤᠮᠳᠠᠳᠤ ᠰᠢᠶᠧᠷᠠ ᠯᠢᠶᠤᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ ᠬᠤᠶᠠᠷ ᠲᠠᠯ᠎ᠠ ᠪᠠᠷ ᠢᠶᠠᠨ ᠲᠣᠰ ᠲᠣᠰ ᠤᠨ ᠭᠤᠤᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠤ ᠥᠨᠳᠥᠷ ᠪᠦᠲᠦᠮᠵᠢᠲᠡᠶ ᠬᠠᠮᠲᠤᠷᠠᠯᠴᠠᠭ᠎ᠠ ᠥᠷᠨᠢᠭᠦᠯᠵᠦ᠂ ᠳᠡᠯᠡᠬᠡᠶ ᠶᠢᠨ ᠡᠩᠬᠡ ᠲᠠᠶᠢᠪᠤᠩ ᠬᠢᠭᠡᠳ ᠬᠥᠭᠵᠢᠯᠲᠡ ᠵᠡᠷᠭᠡ ᠵᠥᠪᠯᠡᠬᠦ ᠰᠡᠳᠦᠪ ᠤᠨ ᠲᠤᠬᠠᠶ ᠨᠢᠭᠲᠠ ᠵᠣᠬᠢᠴᠠᠭᠤᠯᠵᠤ᠂ ᠡᠸ᠋ᠪᠦ᠋ᠯᠠ ᠬᠢᠵᠢᠭ ᠲᠠᠢ ᠲᠡᠮᠡᠴᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠬᠡᠪ ᠳᠠᠭᠤᠷᠢᠶᠠᠯ ᠢ ᠪᠣᠶ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠰᠢᠶᠧᠷᠠ ᠯᠢᠶᠤᠨ ᠤ ᠬᠢᠨ ᠲᠠᠢ ᠬᠠᠮᠲᠤ ᠪᠠᠷ ᠥᠨᠳᠥᠷ ᠲᠦᠪᠰᠢᠨ ᠪᠥᠬᠦᠶ ᠤᠯᠤᠰ ᠲᠥᠷᠥ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠳᠡᠯᠡᠬᠡᠶ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠤᠮᠳᠠᠳᠤ ᠰᠢᠶᠧᠷᠠ ᠯᠢᠶᠤᠨ ᠤ ᠬᠠᠷᠢᠯᠴᠠᠭ᠎ᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
W020240229364459234743.jpg
     ᠰᠢ ᠶᠢᠨ ᠫᠢᠩ᠂ ᠳᠤᠮᠳᠠᠳᠤ ᠤᠯᠤᠰ ᠰᠢᠶᠧᠷᠠ ᠯᠢᠶᠤᠨ ᠤ ᠠᠷᠠᠳ ᠲᠦᠮᠡᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠡᠷᠡᠰ ᠳᠡᠮᠵᠢᠵᠦ᠂ ᠳᠤᠷᠠᠲᠠᠶ᠎ᠠ ᠰᠢᠶᠧᠷᠠ ᠯᠢᠶᠤᠨ ᠯᠤᠭ᠎ᠠ ᠲᠦᠷᠦ ᠶᠢ ᠵᠠᠰᠠᠵᠤ ᠵᠠᠰᠠᠭ ᠢ ᠡᠷᠬᠢᠯᠡᠬᠦ ᠰᠣᠯᠢᠯᠴᠠᠭ᠎ᠠ ᠪᠠᠨ ᠴᠢᠩᠭᠠᠳᠬᠠᠵᠤ᠂ ᠲᠤᠰ ᠲᠤᠰ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠦᠷᠬᠦᠯᠵᠢᠯᠡᠨ ᠬᠠᠷᠢᠯᠴᠠᠨ ᠳᠡᠮᠵᠢᠵᠤ᠂ ᠡᠷᠬᠡ ᠮᠡᠳᠡᠯ᠂ ᠠᠮᠤᠷ ᠲᠦᠪᠰᠢᠨ᠂ ᠬᠦᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠰᠢᠶᠧᠷᠠ ᠯᠢᠶᠤᠨ ᠤ ᠲᠠᠷᠢᠶᠠᠯᠠᠩ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠥᠮᠦᠨ ᠤ ᠬᠦᠴᠦᠨ ᠤ ᠡᠬᠢ ᠪᠠᠶᠠᠯᠢᠭ ᠵᠡᠷᠭᠡ ᠬᠦᠷᠢᠶᠡᠨ ᠤ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠪᠠ ᠳᠡᠮᠵᠢᠯᠭᠡ ᠦᠵᠡᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠢᠶᠧᠷᠠ ᠯᠢᠶᠤᠨ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠥᠪᠯᠡᠯ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠲᠢᠪ ᠪᠣᠯᠤᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠶ᠎ᠠ᠃  ᠰᠢᠶᠧᠷᠠ ᠯᠢᠶᠤᠨ ᠤ ᠬᠢᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃
W020240229364460102292.jpg
       ᠰᠢ ᠶᠢᠨ ᠫᠢᠩ᠂ ᠳᠤᠮᠳᠠᠳᠤ ᠠᠹᠷᠢᠺᠠ ᠶᠢᠨ ᠠᠷᠠᠳ ᠲᠦᠮᠡᠨ ᠬᠤᠪᠢ ᠵᠠᠶᠠᠭ᠎ᠠ ᠪᠠᠨ ᠬᠠᠮᠲᠤᠳᠬᠠᠪᠠ᠃ ᠳᠤᠮᠳᠠᠳᠤ ᠤᠯᠤᠰ ᠢᠮᠠᠭᠲᠠ ᠠᠹᠷᠢᠺᠠ ᠲᠢᠪ ᠤᠨ ᠤᠯᠤᠰ ᠤᠳ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠬᠥᠭᠵᠢᠭᠦᠯᠬᠦ ᠶᠢ ᠭᠠᠳᠠᠭᠠᠳᠤ ᠲᠦᠷᠦ ᠶᠢᠨ ᠪᠤᠳᠤᠯᠭ᠎ᠠ ᠶᠢᠨ ᠢᠶᠠᠨ ᠴᠢᠬᠤᠯᠠ ᠰᠠᠭᠤᠷᠢ ᠪᠣᠯᠭᠠᠨ᠎ᠠ᠃ ᠳᠤᠮᠳᠠᠳᠤ ᠤᠯᠤᠰ ᠦᠨᠡᠨ ᠪᠣᠳᠠᠲᠠᠢ ᠳᠣᠲᠣᠨᠣ ᠦᠨᠡᠨᠴᠢ ᠣᠶᠢᠯᠠᠭᠠᠭᠳᠠᠬᠤᠨ ᠢ ᠪᠠᠷᠢᠮᠲᠠᠯᠠᠵᠤ᠂ ᠠᠹᠷᠢᠺᠠ ᠲᠢᠪ ᠤᠨ ᠤᠯᠤᠰ ᠤᠳ ᠯᠤᠭ᠎ᠠ ᠶᠢᠨ ᠬᠠᠷᠢᠯᠴᠠᠨ ᠳᠡᠮᠵᠢᠬᠦ ᠪᠠ ᠨᠥᠬᠦᠷᠰᠡᠭ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠲᠢᠪ ᠤᠨ ᠠᠵᠤ ᠦᠢᠯᠡᠳᠪᠦᠷᠢᠵᠢᠯᠲᠡ ᠶᠢᠨ ᠰᠠᠨᠠᠭᠠᠴᠢᠯᠠᠭ᠎ᠠ᠂ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠲᠥᠯᠥᠪᠯᠡᠭᠡ᠂ ᠳᠤᠮᠳᠠᠳᠤ ᠠᠹᠷᠢᠺᠠ ᠶᠢᠨ ᠴᠢᠳᠠᠪᠤᠷᠢᠲᠠᠨ ᠢ ᠬᠥᠮᠦᠵᠢᠭᠦᠯᠬᠦ ᠬᠠᠮᠲᠤᠷᠠᠯᠴᠠᠭᠠᠨ ᠤ ᠲᠥᠯᠥᠪᠯᠡᠭᠡ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ︽2063 ᠣᠨ ᠤ ᠵᠥᠪᠯᠡᠬᠦ ᠵᠦᠢᠯ︾᠎ ᠢ ᠲᠡᠮᠵᠢᠵᠥ᠂ ᠠᠹᠷᠢᠺᠠ ᠲᠢᠪ ᠤᠨ ᠡᠯ᠎ᠡ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠᠳᠤ ᠤᠯᠤᠰ ᠤᠨ ᠬᠥᠭᠵᠢᠯᠲᠡ᠂ ᠠᠹᠷᠢᠺᠠ ᠲᠢᠪ ᠤᠨ ᠬᠥᠭᠵᠢᠯᠲᠡ ᠲᠠᠢ ᠨᠢᠭᠲᠠ ᠵᠣᠯᠭᠠᠭᠤᠯᠵᠤ᠂ ᠳᠡᠯᠡᠬᠡᠢ ᠶᠢᠨ ᠬᠥᠭᠵᠢᠯᠲᠡ ᠲᠠᠢ ᠤᠯᠠᠮ ᠴᠢᠨᠠᠭᠰᠢᠳᠠ ᠤᠶᠠᠯᠳᠤᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ ᠢ ᠠᠬᠢᠭᠤᠯᠵᠤ᠂ ᠤᠷᠤᠭᠰᠢᠯᠠᠨ ᠲᠠᠪᠰᠢᠬᠤ ᠭᠡᠭᠡᠨ ᠰᠠᠷᠠᠭᠤᠯ ᠢᠷᠡᠭᠡᠳᠦᠢ ᠲᠡᠰᠢ ᠤᠷᠤᠭᠰᠢᠯᠠᠬᠤ ᠶᠢ ᠠᠬᠢᠭᠤᠯᠤᠨ᠎ᠠ᠃      ᠳᠤᠮᠳᠠᠳᠤ ᠤᠯᠤᠰ ᠳᠤᠷᠠᠲᠠᠶ᠎ᠠ ᠰᠢᠶᠧᠷᠠ ᠯᠢᠶᠤᠨ ᠢ ᠪᠠᠭᠲᠠᠭᠠᠭᠰᠠᠨ ᠠᠹᠷᠢᠺᠠ ᠲᠢᠪ ᠤᠨ ᠨᠠᠶᠢᠵᠠ ᠨᠠᠷ ᠲᠠᠢ ᠬᠠᠮᠲᠤ ᠪᠠᠷ ᠡᠨᠡ ᠵᠢᠯ ᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠢ ᠰᠠᠶᠢᠲᠤᠷ ᠡᠷᠬᠢᠯᠡᠵᠦ᠂ ᠳᠤᠮᠳᠠᠳᠤ ᠰᠢᠶᠧᠷᠠ ᠯᠢᠶᠤᠨ᠂ ᠳᠤᠮᠳᠠᠳᠤ ᠠᠹᠷᠢᠺᠠ ᠶᠢᠨ ᠨᠥᠬᠦᠷᠯᠡᠯ ᠢ ᠪᠠᠳᠠᠷᠠᠭᠤᠯᠤᠨ᠎ᠠ᠃    
W020240229364459480285.jpg
    ᠪᠢ᠊ · ᠤᠤ᠂ ᠳᠤᠮᠳᠠᠳᠤ ᠤᠯᠤᠰ ᠪᠣᠯ  ᠰᠢᠶᠧᠷᠠ ᠯᠢᠶᠤᠨ ᠤ ᠢᠲᠡᠭᠡᠬᠦ ᠪᠠ ᠲᠦᠰᠢᠭᠯᠡᠯᠴᠡᠵᠦ ᠪᠠᠶᠢᠭ᠎ᠠ ᠨᠠᠶᠢᠵᠠ ᠮᠥᠨ᠂ ᠬᠤᠶᠠᠷ ᠲᠠᠯ᠎ᠠ ᠪᠠᠷ ᠢᠶᠠᠨ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠡᠷᠬᠡ ᠲᠡᠭᠰᠢ ᠪᠠᠷ ᠬᠠᠨᠳᠤᠵᠤ᠂ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ ᠶᠤᠮ᠃ ᠰᠢᠶᠧᠷᠠ ᠯᠢᠶᠤᠨ ᠳᠤᠮᠳᠠᠳᠤ ᠶᠢᠨ ᠲᠠᠯ᠎ᠠ ᠶᠢᠨ ᠰᠢᠶᠧᠷᠠ ᠯᠢᠶᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠲᠠᠪᠠᠯᠳᠠᠳᠤ ᠬᠥᠭᠵᠢᠯᠲᠡ ᠶᠢ ᠪᠡᠶᠡᠯᠡᠭᠦᠯᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠤᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ᠃ ᠳᠤᠮᠳᠠᠳᠤ ᠤᠯᠤᠰ ᠤᠨ ᠲᠤᠷᠰᠢᠯᠭ᠎ᠠ ᠨᠢ ᠬᠥᠭᠵᠢᠵᠦ ᠪᠠᠶᠢᠭ᠎ᠠ ᠤᠯᠤᠰ ᠤᠨ ᠬᠥᠭᠵᠢᠯᠲᠡ ᠪᠠᠨ ᠲᠦᠷᠭᠡᠳᠬᠡᠬᠦ ᠳᠤ ᠭᠦᠨᠵᠡᠭᠡᠢ ᠰᠡᠩᠬᠡᠷᠡᠭᠦᠯᠦᠯ ᠬᠠᠩᠭᠠᠵᠠᠢ᠃ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠨᠢ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠠᠰᠢᠭ ᠲᠤᠰᠠ ᠶᠢ ᠠᠬᠢᠭᠤᠯᠬᠤ ᠳᠤ ᠥᠷᠭᠡᠨ ᠳᠡᠯᠭᠡᠷ ᠢᠳᠡᠪᠬᠢᠲᠡᠢ ᠨᠥᠯᠥᠭᠡ ᠦᠵᠡᠭᠦᠯᠵᠡᠢ᠃ ᠰᠢᠶᠧᠷᠠ ᠯᠢᠶᠤᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠪᠠᠷᠢᠮᠲᠠᠯᠠᠵᠤ᠂ ᠳᠤᠮᠳᠠᠳᠤ ᠤᠯᠤᠰ ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢ ᠡᠷᠡᠰ ᠲᠡᠮᠵᠢᠵᠥ᠂ ᠳᠤᠮᠳᠠᠳᠤ ᠤᠯᠤᠰ ᠤᠨ ᠲᠤᠰ ᠪᠡᠶ᠎ᠡ ᠶᠢᠨ ᠭᠤᠣᠯᠯᠠᠭᠴᠢ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠤᠨ ᠲᠤᠷᠰᠢᠯᠭ᠎ᠠ ᠶᠢ ᠰᠤᠷᠤᠯᠴᠠᠨ ᠲᠤᠯᠢᠳᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠬᠡᠨ ᠪᠠᠶᠢᠭᠤᠯᠬᠤ ᠬᠠᠮᠲᠤᠷᠠᠯᠴᠠᠭ᠎ᠠ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ᠂ ᠠᠷᠠᠯᠵᠢᠶ᠎ᠠ᠂ ᠰᠤᠷᠭᠠᠨ ᠬᠥᠮᠦᠵᠢᠯ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ ᠰᠢᠨ᠎ᠡ ᠣᠷᠣᠨ ᠵᠠᠢ ᠶᠢ ᠥᠷᠭᠡᠳᠬᠡᠵᠦ᠂ ᠰᠢᠶᠧᠷᠠ ᠯᠢᠶᠤᠨ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠶᠧᠷᠠ ᠯᠢᠶᠤᠨ ᠳᠤᠮᠳᠠᠳᠤ ᠶᠢᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠴᠢᠨᠠᠭᠰᠢᠳᠠ ᠬᠥᠭᠵᠢᠬᠦ ᠶᠢ ᠠᠬᠢᠭᠤᠯᠤᠨ᠎ᠠ ᠭᠡᠵᠦ ᠢᠯᠡᠳᠬᠡᠪᠡ᠃ ᠰᠢᠶᠧᠷᠠ ᠯᠢᠶᠤᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠵᠠᠷ ᠣᠷᠣᠨ ᠪᠣᠯᠤᠨ ᠳᠡᠯᠡᠬᠡᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠯᠡᠬᠡᠢ ᠶᠢᠨ ᠡᠩᠭᠬᠡ ᠲᠠᠶᠢᠪᠤᠩ ᠪᠤᠯᠤᠨ ᠬᠦᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃     ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾᠂ ᠬᠥᠳᠡᠭᠡ ᠠᠵᠤ ᠠᠬᠤᠢ᠂ ᠠᠵᠤ ᠠᠬᠤᠢ ᠶᠢᠨ ᠬᠥᠭᠵᠢᠯᠲᠡ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠵᠡᠷᠭᠡ ᠬᠦᠷᠢᠶᠡᠨ ᠤ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃    ᠬᠤᠶᠠᠷ ᠲᠠᠯ᠎ᠠ ᠪᠠᠷ ᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶᠢᠷᠠᠮᠳᠠᠬᠤ ᠰᠢᠶᠧᠷᠠ ᠯᠢᠶᠤᠨ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾᠎ ᠶᠢ ᠨᠡᠶᠢᠲᠡᠯᠡᠪᠡ᠃    ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠠᠩᠬᠢᠮ ᠳᠤ  ᠪᠢ᠊· ᠤᠤ ᠬᠢᠭᠡᠳ ᠲᠡᠬᠦᠨ ᠤ ᠬᠠᠳᠤᠨ ᠹᠠᠳᠢᠮᠠ ᠶᠢ ᠤᠭᠲᠤᠬᠤ ᠶᠣᠰᠣᠯᠠᠯ ᠶᠠᠪᠤᠭᠤᠯᠪᠠ᠃     ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠰᠢᠶᠧᠷᠠ ᠯᠢᠶᠤᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠪᠢ᠊· ᠤᠤ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠶᠣᠰᠣᠯᠠᠯ ᠤᠨ ᠠᠩᠬᠢ ᠶᠢ ᠰᠢᠯᠭᠠᠨ ᠦᠵᠡᠪᠡ᠃    ᠲᠤᠰ ᠤᠷᠤᠢ᠂ ᠰᠢ ᠶᠢᠨ ᠫᠢᠩ ᠪᠣᠯᠤᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠪᠢ᠊·ᠤᠤ ᠬᠢᠭᠡᠳ ᠲᠡᠬᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃     ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号