ᠲᠣᠪᠴᠢ ᠮᠡᠳᠡᠭᠡ
ᠨᠡᠶᠢᠲᠡᠯᠡᠭᠰᠡᠨ ᠴᠠᠭ᠄
2024/2/4
    ᠣᠶᠢᠷ᠎ᠠ ᠳᠤ᠂ ᠬᠥᠯᠥᠨ ᠪᠤᠶᠢᠷ ᠬᠤᠳᠠ ᠶᠢᠨ ᠵᠡᠭᠡᠷ᠎ᠡ ᠥᠭᠦᠭᠰᠡᠨ ᠬᠡᠷᠡᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶ ᠮᠡᠷᠭᠡᠵᠢᠯᠲᠡᠨ ᠵᠢᠴᠢ ᠠᠵᠢᠯᠲᠠᠨ ᠢ ᠵᠣᠬᠢᠶᠠᠨ ᠪᠠᠶᠢᠭᠤᠯᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠪᠣᠯᠤᠨ ᠣᠶ ᠰᠢᠭᠤᠶ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠲᠠᠯᠠᠪᠤᠷ ᠲᠤ ᠬᠦᠷᠴᠦ  ᠬᠢᠨᠠᠨ ᠪᠠᠶᠢᠴᠠᠭᠠᠪᠠ᠃     ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠲᠤᠬᠠᠶ ᠶᠢᠨ ᠲᠠᠯᠠᠪᠠᠶ ᠶᠢ ᠲᠡᠷᠡ ᠳᠠᠷᠤᠶ ᠳᠤᠨᠢ ᠪᠢᠲᠡᠭᠦᠮᠵᠢᠯᠡᠵᠦ᠂ ᠠᠳᠡᠭᠰᠡᠨ ᠪᠣᠳᠠᠭᠠᠯᠢ ᠶᠢ ᠲᠥᠪᠯᠡᠷᠡᠭᠦᠯᠦᠨ ᠰᠢᠢᠳᠪᠦᠷᠢᠯᠡᠵᠦ᠂ ᠬᠢᠵᠢᠭ ᠤᠨ  ᠬᠠᠯᠳᠠᠪᠤᠷᠢᠯᠠᠬᠤ ᠪᠤᠯᠤᠮᠵᠢ ᠠᠴᠠ ᠵᠠᠶᠢᠯᠠᠰᠬᠢᠪᠡ᠃ ᠣᠳᠣᠬᠠᠨ ᠪᠣᠯᠲᠠᠯ᠎ᠠ ᠨᠡᠶᠢᠲᠡ 33 ᠵᠡᠭᠡᠷ᠎ᠡ ᠠᠳᠡᠵᠡᠶ᠃ ᠲᠤᠰᠬᠠᠶ ᠪᠠᠶᠢᠴᠠᠭᠠᠬᠤ ᠳᠤᠭᠤᠶᠢᠯᠠᠩ ᠨᠢ ᠬᠤᠶᠠᠷ ᠭᠠᠵᠠᠷ ᠤᠨ ᠵᠡᠭᠡᠷ᠎ᠡ ᠶᠢᠨ ᠭᠤᠤᠯ  ᠴᠤᠭᠯᠠᠷᠠᠬᠤ ︵ᠢᠳᠡᠰᠢᠯᠡᠬᠦ︶ ᠤᠷᠤᠨ ᠢ ᠲᠤᠬᠠᠶ ᠶᠢᠨ ᠲᠠᠯᠠᠪᠠᠶ ᠳᠤ ᠪᠠᠶᠢᠴᠠᠭᠠᠨ ᠰᠢᠨᠵᠢᠭᠰᠡᠨ ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠠᠵᠢᠯᠲᠠᠨ ᠲᠠᠢ ᠬᠠᠮᠲᠤᠷᠠᠨ ᠥᠭᠦᠭᠰᠡᠨ ᠪᠣᠳᠠᠭᠠᠯᠢ ᠠᠴᠠ ᠥᠯᠢᠭᠡᠷ ᠬᠡᠪ ᠠᠪᠴᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠴᠠᠩᠴᠦ᠋ᠨ ᠤ ᠬᠡᠭᠡᠷ᠎ᠡ ᠶᠢᠨ ᠠᠮᠢᠲᠠᠨ ᠤ ᠬᠢᠵᠢᠭ ᠡᠪᠡᠳᠴᠢᠨ ᠤ ᠰᠤᠳᠤᠯᠭᠠᠨ ᠤ ᠲᠥᠪ ᠵᠢᠴᠢ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠦᠶ ᠡᠷᠬᠡ ᠰᠦᠷᠲᠦ ᠪᠠᠶᠢᠭᠤᠯᠤᠮᠵᠢ ᠳᠤ ᠬᠦᠷᠭᠡᠨ ᠰᠢᠯᠭᠠᠨ ᠪᠠᠶᠢᠴᠠᠭᠠᠯᠭᠠᠪᠠ᠃      ᠣᠳᠣᠬᠠᠨ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠶ ᠨᠤᠲᠤᠭ ᠪᠠ ᠪᠡᠯᠴᠢᠭᠡᠷ ᠤᠨ ᠲᠣᠪᠴᠢᠶ᠎ᠠ ᠵᠢᠴᠢ ᠣᠶ ᠰᠢᠭᠤᠶ ᠶᠢᠨ ᠲᠠᠯᠠᠪᠠᠶ ᠠᠴᠠ ᠨᠢᠭᠡᠨᠲᠡ ᠳᠥᠷᠪᠡᠳᠦᠭᠡᠷ ᠠᠩᠭᠢ ᠶᠢᠨ ᠠᠵᠢᠯᠲᠠᠨ ᠢ 24 ᠴᠠᠭ ᠢᠶᠠᠷ ᠴᠠᠭᠳᠠᠨ ᠬᠠᠮᠠᠭᠠᠯᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号