ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/2/7
    ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠤᠢ ᠬᠤᠶ ᠮᠢᠩ᠂ ᠳᠡᠳ᠋ ᠲᠣᠪᠴᠢᠶᠠᠨ ᠳᠠᠷᠤᠭ᠎ᠠ ᠯᠧᠦ ᠪᠥᠸᠧ ᠵᠢᠶᠦ᠋ᠨ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ᠂ ᠲᠢᠶᠧ ᠨᠢᠤ᠂ ᠴᠧᠨ ᠶᠦᠩ ᠴᠢᠤᠸᠠᠨ ᠲᠣᠰ ᠲᠣᠰ ᠳᠤᠭᠤᠶᠢᠯᠠᠩ ᠳᠠᠭᠠᠭᠤᠯᠤᠨ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠪᠠ ᠬᠦᠴᠢᠷᠳᠡᠯᠲᠡᠶ ᠨᠠᠮ ᠤᠨ ᠭᠡᠰᠢᠭᠦᠨ ᠢ ᠪᠣᠯᠭᠤᠭᠠᠨ ᠲᠣᠬᠤᠨᠢᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
W020240206561410883845_ORIGIN.jpg
W020240206561410911742_ORIGIN.jpg
ᠬᠦᠷᠦᠭᠰᠡᠨ ᠭᠠᠵᠠᠷ ᠪᠣᠯᠭᠠᠨ ᠳᠤ᠂ ᠸᠠᠩ ᠵᠤᠤ ᠱᠧᠩ ᠵᠡᠷᠭᠡ ᠲᠣᠪᠴᠢᠶᠠᠨ ᠤ ᠤᠳᠤᠷᠢᠳᠤᠯᠭ᠎ᠠ ᠠᠬᠠᠮᠠᠳ ᠺᠠᠳ᠋ᠷᠴᠤᠳ ᠲᠠᠢ ᠳᠣᠲᠣᠨᠣ ᠪᠠᠷ ᠶᠠᠷᠢᠯᠴᠠᠵᠤ᠂ ᠵᠣᠭᠤᠭ ᠳᠡᠯᠭᠡᠨ᠂ ᠬᠦᠴᠢᠷᠳᠠᠯ ᠢ ᠨᠢ ᠠᠰᠠᠭᠤᠨ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠺᠠᠳ᠋ᠷᠴᠤᠳ ᠲᠤ ᠨᠢᠭᠡ ᠵᠢᠯ ᠤᠨ ᠲᠤᠷᠰᠢᠬᠢ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠠᠵᠢᠯ ᠤᠨ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠲᠠᠨᠢᠯᠴᠠᠭᠤᠯᠵᠤ᠂ ᠤᠯᠠᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠬᠠᠮᠠᠳ ᠺᠠᠳ᠋ᠷᠴᠤᠳ ᠤᠨ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ ᠪᠡᠶ᠎ᠡ ᠪᠠᠨ ᠬᠢᠴᠢᠶᠡᠵᠦ᠂ ᠦᠷᠭᠦᠯᠵᠢᠯᠡᠨ ᠤᠢ ᠰᠢᠭᠤᠢ ᠨᠤᠲᠤᠭ ᠪᠡᠯᠴᠢᠭᠡᠷ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠢ ᠬᠦᠰᠡᠭᠰᠡᠨ ᠪᠥᠭᠡᠳ ᠠᠬᠠᠮᠠᠳ ᠺᠠᠳ᠋ᠷᠴᠤᠳ ᠤᠨ ᠪᠠᠶᠠᠷ ᠬᠦᠷ ᠲᠠᠢ᠂ ᠡᠶ᠎ᠡ ᠨᠠᠶᠢᠷᠰᠠᠭ᠂ ᠵᠣᠯ ᠵᠢᠷᠭᠠᠯ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠨ ᠵᠥᠩᠨᠡᠪᠡ᠃ ᠠᠬᠠᠮᠠᠳ ᠺᠠᠳ᠋ᠷᠴᠤᠳ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠯᠠᠮᠵᠢᠯᠠᠯ ᠪᠠ ᠲᠣᠬᠤᠨᠢᠭᠤᠯᠤᠯ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠠᠩᠬᠠᠷᠴᠤ᠂ ᠳᠠᠪᠠᠭᠤᠯᠢᠭ ᠢᠶᠠᠨ ᠪᠠᠳᠠᠷᠠᠭᠤᠯᠵᠤ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠢᠯᠡᠰ ᠰᠢᠨ᠎ᠡ ᠨᠢᠭᠡ ᠵᠢᠯ ᠳᠤ ᠨᠠᠩ ᠶᠡᠭᠡ ᠬᠥᠭᠵᠢᠯᠲᠡ ᠲᠠᠢ ᠪᠣᠯᠵᠣ᠂ ᠨᠠᠩ ᠥᠨᠳᠥᠷ ᠳᠡᠭᠲᠡᠷ ᠲᠤ ᠭᠠᠷᠬᠤ ᠶᠢ ᠬᠦᠰᠡᠨ ᠵᠥᠩᠨᠡᠪᠡ᠃
W020240206563386403203 (1).jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号