ᠪᠦᠬᠦ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠣ᠋ ᠬᠤᠷᠠᠯ ᠬᠤᠷᠠᠯᠳᠤᠪᠠ᠃
ᠨᠡᠶᠢᠲᠡᠯᠡᠭᠰᠡᠨ ᠴᠠᠭ᠄
2024/2/7
    2 ᠰᠠᠷ᠎ᠠ ᠶᠢᠨ 4᠎ ᠤ ᠡᠳᠦᠷ᠂ ᠪᠥᠬᠦ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ  ᠸᠢᠳᠢᠣ᠋ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠪᠥᠬᠦ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ 2023 ᠣᠨ ᠤ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠦᠬᠦ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠤᠷᠳᠤᠰ ᠬᠤᠳᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ  ᠲᠤᠪᠴᠢᠶ᠎ᠠ ᠶᠢᠨ ᠡᠯᠡᠰᠦ ᠶᠢ ᠵᠠᠰᠠᠵᠤ ᠣᠶᠢᠵᠢᠭᠤᠯᠬᠤ ᠭᠠᠵᠠᠷ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠳᠤ ᠰᠠᠭᠤᠭ᠎ᠠ ᠲᠤᠰᠬᠠᠶ ᠲᠤᠰᠢᠶᠠᠯᠲᠠᠨ ᠤ ᠠᠯᠪᠠᠨ ᠬᠡᠷ ᠤᠨ ᠲᠤᠰᠬᠠᠶ ᠲᠤᠰᠢᠶᠠᠯᠲᠠᠨ ᠯᠢ ᠶᠠᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号