ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠨᠠᠷ ᠤᠯᠠᠭᠠᠨᠬᠠᠳᠠ ᠬᠤᠲᠠ ᠳᠤ ᠬᠦᠷᠴᠦ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠠ ᠬᠤᠷᠴᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/1
    ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠤᠰᠠᠳᠠ᠂ 2 ᠰᠠᠷ᠎ᠠ ᠶᠢᠨ 26᠎ ᠤ ᠡᠳᠦᠷ ᠠᠴᠠ 28᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠴᠧᠨ ᠶᠦᠩ ᠴᠢᠤᠸᠠᠨ ᠪᠦᠯᠬᠦᠮ ᠳᠠᠭᠠᠭᠤᠯᠤᠨ᠂ ᠬᠠᠮᠢᠶ᠎ᠠ ᠪᠥᠬᠦᠶ ᠭᠠᠵᠠᠷ᠂ ᠨᠢᠭᠡᠴᠡ ᠶᠢ ᠵᠣᠬᠢᠶᠠᠨ ᠪᠠᠶᠢᠭᠤᠯᠵᠤ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤ᠂ ᠣᠩᠨᠢᠭᠤᠳ ᠬᠤᠰᠢᠭᠤᠨ ᠳᠤ ᠬᠦᠷᠴᠦ ᠲᠤᠰᠬᠠᠶ ᠪᠠᠶᠢᠴᠠᠭᠠᠨ ᠰᠤᠳᠤᠯᠤᠯᠲᠠ  ᠶᠠᠪᠤᠭᠳᠠᠭᠤᠯᠪᠠ᠃    ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ᠤᠷᠢᠳ ᠬᠤᠵᠢᠳ ᠦᠨᠳᠦᠰᠦᠨ ᠱᠠᠲᠤᠨ ᠳᠤ ᠭᠦᠨᠵᠡᠭᠡᠶᠢᠷᠡᠨ ᠲᠦᠷᠦᠯ ᠵᠦᠢᠯ ᠢ  ᠬᠡᠷᠡᠭᠵᠢᠬᠦᠯᠵᠦ ᠪᠠᠶᠢᠭ᠎ᠠ ᠭᠠᠵᠠᠷ ᠢ ᠪᠠᠶᠢᠴᠠᠭᠠᠨ ᠦᠵᠡᠵᠦ᠂ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠤ ᠬᠠᠮᠲᠤ᠂ ᠣᠷᠣᠨ ᠨᠤᠲᠤᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠲᠠᠢ ᠲᠥᠷᠥᠯ ᠵᠦᠢᠯ ᠤᠨ ᠪᠣᠯᠤᠮᠵᠢᠲᠤ ᠴᠢᠨᠠᠷ ᠤᠨ ᠰᠤᠳᠤᠯᠭᠠᠨ ᠤ ᠮᠡᠳᠡᠭᠦᠯᠦᠯᠲᠡ ᠪᠠ ᠬᠡᠷᠡᠭᠵᠢᠭᠦᠯᠬᠦ ᠲᠥᠰᠦᠯ ᠢ ᠨᠠᠶᠢᠳᠠᠪᠤᠷᠢᠵᠢᠭᠤᠯᠬᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ᠂ ᠨᠠᠶᠢᠳᠠᠪᠤᠷᠢᠵᠢᠭᠤᠯᠤᠭᠰᠠᠨ ᠪᠠᠶᠢᠳᠠᠯ᠂ ᠵᠣᠬᠢᠴᠠᠭᠤᠯᠤᠨ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠵᠡᠷᠭᠡ ᠠᠭᠤᠯᠭ᠎ᠠ ᠶᠢᠨ ᠲᠣᠭᠤᠷᠢᠨ ᠳᠤ ᠶᠠᠷᠢᠯᠴᠠᠬᠤ ᠬᠤᠷᠠᠯ ᠥᠷᠨᠢᠭᠦᠯᠦᠭᠰᠡᠨ ᠪᠥᠭᠡᠳ ᠬᠠᠮᠢᠶ᠎ᠠ ᠪᠥᠬᠦᠶ ᠪᠠᠯᠠ ᠮᠥᠩᠭᠦ ᠶᠢᠨ ᠲᠥᠰᠦᠪ ᠤᠨ ᠬᠡᠷᠡᠭᠵᠢᠭᠦᠯᠦᠯᠲᠡ᠂ ᠦᠷ᠎ᠡ ᠪᠦᠲᠦᠮᠵᠢ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ᠂ ᠲᠥᠷᠥᠯ ᠵᠦᠢᠯ ᠢ ᠰᠢᠯᠭᠠᠨ ᠠᠪᠴᠤ ᠴᠡᠭᠴᠡᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ ᠰᠣᠳᠤᠯᠤᠨ ᠶᠠᠷᠢᠯᠴᠠᠪᠠ᠃     ᠳᠡᠳ᠋ ᠲᠣᠪᠴᠢᠶᠠᠨ ᠳᠠᠷᠤᠭ᠎ᠠ ᠴᠧᠨ ᠶᠦᠩ ᠴᠢᠤᠸᠠᠨ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠ ᠬᠤᠷᠴᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ ᠲᠤᠬᠠᠶ ᠬᠡᠳᠦᠨ ᠰᠠᠨᠠᠯ ᠳᠤᠷᠠᠳᠪᠠ᠃ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾᠎ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠯᠥᠪᠵᠢᠭᠦᠯᠭᠡ ᠪᠣᠯᠤᠨ ᠬᠤᠷᠴᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠲᠡᠶᠢᠨ ᠤ ᠬᠡᠷᠡᠭᠵᠢᠭᠦᠯᠬᠦ ᠲᠥᠰᠦᠯ ᠶᠣᠰᠣᠭᠠᠷ ᠠᠵᠢᠯ ᠢᠶᠠᠨ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ᠂ ᠰᠢᠰᠲ᠋ᠧᠮ ᠲᠠᠢ ᠶᠡᠷᠦᠩᠬᠡᠶᠢᠯᠡᠨ ᠵᠠᠰᠠᠬᠤ ᠶᠢ ᠲᠤᠪᠤᠶᠢᠯᠭᠠᠵᠤ᠂ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠭᠦᠢᠴᠡᠳ ᠤᠶᠠᠯᠳᠤᠭᠤᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ︔ ᠭᠤᠷᠪᠠ ᠳᠤ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠪᠣᠯᠤᠮᠵᠢᠲᠤ ᠴᠢᠨᠠᠷ ᠤᠨ ᠰᠤᠳᠤᠯᠭᠠᠨ ᠤ ᠮᠡᠳᠡᠭᠦᠯᠦᠯᠲᠡ᠂ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠪᠠ ᠭᠠᠵᠠᠷ ᠤᠷᠤᠨ ᠳᠤ ᠨᠠᠶᠢᠳᠠᠪᠤᠷᠢᠵᠢᠭᠤᠯᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号