| ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 | ᠣᠨ ᠤ 1 ᠳ᠋ᠦ᠋ᠭᠡᠷ ᠰᠠᠷ᠎ᠠ ᠪᠣᠯᠲᠠᠯ᠎ᠠ᠂ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 9 ᠵᠣᠷᠪᠤᠰ ᠰᠠᠯᠪᠤᠷᠢ ᠱᠤᠭᠤᠮ ᠢ ᠪᠥᠬᠦ ᠲᠠᠯ᠎ᠠ ᠪᠠᠷ ᠪᠠᠷᠢᠯᠭ᠎ᠠ | ᠡᠬᠢᠯᠡᠭᠦᠯᠵᠦ᠂ ᠠᠷᠠᠳ ᠢ ᠰᠢᠯᠵᠢᠭᠦᠯᠦᠨ ᠭᠠᠵᠠᠷ ᠲᠠᠲᠠᠪᠤᠷᠢᠯᠠᠬᠤ ᠠᠵᠢᠯ ᠢ ᠨᠢᠭᠡᠨᠲᠡ ᠦᠨᠳᠦᠰᠦᠨ ᠳᠤ ᠪᠠᠨ | ᠳᠠᠭᠤᠰᠬᠠᠵᠠᠢ᠃ 187 ᠺᠢᠯᠣᠮᠧᠳ᠋ᠷ ᠬᠤᠭᠤᠯᠠᠢ ᠶᠢᠨ ᠮᠠᠲ᠋ᠧᠷᠢᠶᠠᠯ ᠦᠢᠯᠡᠳᠪᠦᠷᠢᠯᠡᠵᠦ᠂ 122 ᠺᠢᠯᠣᠮᠧᠳ᠋ᠷ ᠬᠤᠭᠤᠯᠠᠢ | ᠱᠤᠭᠤᠮ ᠢ ᠳᠡᠪᠢᠰᠴᠦ᠂ ᠪᠠᠷᠢᠯᠭ᠎ᠠ ᠳᠤ ᠨᠡᠶᠢᠲᠡ 17.96 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ | ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 31% ᠳᠤ ᠬᠥᠷᠪᠡ᠃ | ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠵᠢᠴᠢ ᠴᠤᠤᠯ ᠭᠤᠣᠯ ᠤᠨ | ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠦᠨᠳᠡᠭᠡᠨ ᠴᠥᠭᠦᠷᠥᠮ ᠢᠶᠠᠷ ᠳᠠᠮᠵᠢᠭᠤᠯᠤᠨ ᠴᠤᠤᠯ ᠭᠤᠣᠯ ᠤᠨ ᠤᠰᠤ ᠶᠢ | ᠲᠣᠬᠢᠷᠠᠭᠤᠯᠪᠠᠯ᠂ ᠴᠤᠤᠯ ᠭᠤᠣᠯ ᠤᠨ ᠳᠣᠣᠷᠠᠳᠤ ᠤᠷᠤᠰᠬᠠᠯ ᠤᠨ ᠲᠠᠷᠢᠶᠠᠯᠠᠩ ᠤᠨ ᠤᠰᠤᠯᠠᠯᠲᠠ ᠶᠢᠨ ᠨᠥᠬᠦᠴᠡᠯ ᠢ | ᠰᠠᠶᠢᠵᠢᠷᠠᠭᠤᠯᠵᠤ᠂ ᠤᠰᠤ ᠳᠠᠮᠵᠢᠭᠤᠯᠬᠤ ᠵᠠᠮ ᠳᠠᠭᠠᠤ ᠶᠢᠨ ᠬᠤᠲᠠ ᠵᠢᠴᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ ᠤᠰᠤ ᠬᠠᠩᠭᠠᠵᠤ᠂ ᠤᠰᠤ ᠬᠦᠯᠢᠶᠡᠨ ᠠᠪᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ | ᠤᠰᠤᠨ ᠤ ᠠᠰᠠᠭᠤᠳᠠᠯ ᠢ ᠰᠢᠢᠳᠪᠦᠷᠢᠯᠡᠨ᠂ ᠲᠦᠩᠯᠢᠶᠣᠣ ᠣᠷᠣᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠪᠠᠶᠢᠳᠠᠯ ᠢ ᠪᠦᠲᠦᠮᠵᠢᠲᠡᠶ ᠪᠠᠷ ᠨᠠᠮᠳᠠᠭᠤᠯᠬᠤ ᠪᠣᠯᠣᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ | ᠭᠠᠵᠠᠷ ᠣᠷᠣᠨ ᠤ ᠠᠵᠤ ᠠᠬᠤᠢ ᠨᠡᠶᠢᠭᠡᠮ ᠤᠨ ᠥᠷᠭᠦᠯᠵᠢᠯᠡᠬᠦ᠋ᠢᠴᠡ ᠬᠥᠭᠵᠢᠯᠲᠡ ᠪᠠ ᠣᠷᠣᠨ ᠪᠦᠰᠡ ᠶᠢᠨ ᠠᠮᠢ | ᠠᠬᠤᠢ ᠣᠷᠴᠢᠨ ᠲᠣᠭᠤᠷᠢᠨ ᠢ ᠰᠡᠷᠭᠦᠭᠡᠬᠦ ᠠᠬᠢᠴᠠ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠠᠴᠢ | ᠬᠤᠯᠪᠣᠭᠳᠠᠯ ᠲᠠᠢ ᠶᠤᠮ᠃ | |