ᠮᠠᠨ ᠤ ᠣᠷᠣᠨ ᠤ 19 ᠭᠠᠵᠠᠷ ᠣᠷᠣᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ ᠪᠠ ᠣᠶ ᠰᠢᠭᠤᠢ ᠶᠢᠨ ᠰᠢᠶᠠᠩ ᠪᠠᠯᠭᠠᠰᠤ ᠶᠢᠨ ᠴᠣᠯᠠ ᠶᠢ ᠭᠥᠷᠳᠡᠪᠡ
ᠨᠡᠶᠢᠲᠡᠯᠡᠭᠰᠡᠨ ᠴᠠᠭ᠄
2024/3/1
        ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ᠂ ᠬᠢᠩᠭᠠᠨ ᠠᠶᠢᠮᠠᠭ ᠤᠨ ᠷᠠᠰᠢᠶᠠᠨ ᠬᠤᠲᠠ ᠵᠡᠷᠭᠡ 5 ᠰᠢᠶᠠᠨ ︵ᠬᠤᠲᠠ᠂ ᠲᠣᠭᠤᠷᠢᠭ︶᠎ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾᠎ ᠶᠢᠨ ᠴᠣᠯᠠ ᠣᠯᠭᠤᠵᠤ᠂ ᠬᠥᠬᠡᠬᠤᠲᠠ ᠶᠢᠨ ᠲᠣᠭᠲᠠᠬᠤ ᠰᠢᠶᠠᠨ ᠤ ᠱᠤᠸᠠᠩ ᠾᠧ ᠪᠠᠯᠭᠠᠰᠤ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠮᠠᠶᠢᠳᠠᠷᠢ ᠵᠣᠣ ᠪᠠᠯᠭᠠᠰᠤ ᠵᠡᠷᠭᠡ 14 ᠰᠢᠶᠠᠩ ︵ᠪᠠᠯᠭᠠᠰᠤ᠂ ᠰᠤᠮᠤ︶᠎ ᠳᠤ ︽ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾᠎ ᠶᠢᠨ ᠴᠣᠯᠠ ᠣᠯᠭᠤᠪᠠ᠃    ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠬᠤ᠂ ᠬᠤᠲᠠ ᠬᠥᠳᠡᠭᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠬᠦᠴᠦᠲᠡᠢ ᠭᠠᠷᠳᠠᠴᠠ ᠪᠣᠯᠤᠭᠰᠠᠨ ᠤ ᠬᠤᠪᠢ ᠳᠤ᠂ 2020 ᠣᠨ ᠤ 4 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠤᠯᠪᠣᠭᠠᠯᠠᠨ ᠮᠡᠳᠡᠭᠳᠡᠯ ᠪᠠᠭᠤᠯᠭᠠᠵᠤ᠂ ᠪᠥᠬᠦ ᠣᠷᠣᠨ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠢ ᠶᠢᠨ ᠬᠤᠲᠠ᠂ ᠣᠶ ᠰᠢᠭᠤᠢ ᠶᠢᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃ ᠡᠭᠦᠳᠦᠨ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠭᠠᠵᠠᠷ ᠤᠨ ᠬᠢᠨ ᠤ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠤᠢ ᠰᠢᠭᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ ᠦᠨᠡᠨ ᠬᠦ ᠴᠢᠩᠭᠠᠷᠠᠭᠤᠯᠤᠨ᠂ ᠤᠢ ᠰᠢᠭᠤᠢ ᠶᠢᠨ ᠬᠤᠳᠠ᠂ ᠤᠢ ᠰᠢᠭᠤᠢ ᠶᠢᠨ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠪᠠ᠃ 2024 ᠣᠨ ᠳᠤ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠲᠠᠰ ᠤᠨ 4 ᠣᠶ ᠰᠢᠭᠤᠢ ᠶᠢᠨ ᠬᠤᠲᠠ᠂ 15 ᠣᠶ ᠰᠢᠭᠤᠢ ᠶᠢᠨ ᠰᠢᠶᠠᠩ ᠪᠠᠯᠭᠠᠰᠤ ᠶᠢ ᠦᠷᠭᠦᠯᠵᠢᠯᠡᠨ ᠡᠭᠦᠳᠦᠨ ᠪᠠᠶᠢᠭᠤᠯᠬᠤ ᠪᠣᠯᠣᠨ᠎ᠠ᠃   
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号