ᠠᠯᠳᠠᠩᠬᠤ᠎ᠠ ᠴᠡᠴᠡᠭ
ᠨᠡᠶᠢᠲᠡᠯᠡᠭᠰᠡᠨ ᠴᠠᠭ᠄
2024/3/1
      ᠣᠯᠠᠨ ᠨᠠᠰᠤᠲᠤ ᠡᠪᠡᠰᠦᠯᠢᠭ ᠤᠷᠭᠤᠮᠠᠯ᠃ ᠠᠭᠤᠯᠠᠷᠬᠠᠭ ᠭᠠᠵᠠᠷ ᠤᠨ ᠣᠢ ᠶᠢᠨ ᠳᠣᠭᠤᠤᠷ᠂ ᠣᠢ ᠶᠢᠨ ᠬᠥᠪᠡᠭᠡᠨ ᠳᠠᠬᠢ ᠨᠤᠭᠤ᠂ ᠭᠤᠤ ᠵᠢᠯᠠᠭ᠎ᠠ ᠶᠢᠨ ᠨᠤᠭᠤ ᠵᠢᠴᠢ ᠪᠤᠰᠤᠳ ᠬᠤᠲᠣᠭᠤᠷ ᠴᠢᠬᠢᠭᠯᠢᠭ ᠭᠠᠵᠠᠷ ᠤᠨ ᠨᠤᠭᠤ ᠪᠠ ᠨᠠᠮᠤᠭ ᠤᠨ ᠨᠤᠭᠤ ᠪᠠᠷ ᠣᠷᠭᠤᠨ᠎ᠠ᠃ ᠨᠤᠭᠤ ᠶᠢᠨ ᠳᠤᠮᠳᠠ ᠲᠠᠭᠠᠯᠳᠤᠬᠤ ᠤᠷᠭᠤᠮᠠᠯ ᠢᠶᠠᠷ ᠢᠯᠡᠷᠡᠳᠡᠭ᠃ ᠮᠠᠨ ᠎ ᠤ ᠣᠷᠣᠨ ᠤ ᠬᠢᠩᠭᠠᠨ ᠤ ᠡᠮᠦᠨᠡᠲᠦ ᠬᠡᠰᠡᠭ᠂ ᠬᠢᠩᠭᠠᠨ ᠤ ᠬᠤᠶᠢᠲᠤ ᠬᠡᠰᠡᠭ᠂ ᠤᠯᠠᠭᠠᠨ᠋ᠠᠲᠠ ᠶᠢᠨ ᠲᠣᠪᠤ ᠳᠣᠪᠣᠷᠴᠠᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ — ᠰᠢᠯᠢ ᠶᠢᠨ ᠭᠤᠣᠯ ᠤᠨ ᠦᠨᠳᠦᠷᠯᠢᠭ ᠤᠨ ᠵᠡᠭᠦᠨ ᠬᠡᠰᠡᠭ ᠪᠣᠯᠣᠨ ᠡᠮᠦᠨᠡᠲᠦ ᠬᠡᠰᠡᠭ᠂ ᠤᠯᠠᠭᠠᠨᠴᠠᠪ ᠲᠣᠭᠤᠷᠢᠭ ᠤᠨ ᠵᠡᠭᠦᠨ ᠡᠮᠦᠨᠡᠲᠦ ᠬᠡᠰᠡᠭ᠂ ᠮᠤᠨᠢ ᠠᠭᠤᠯᠠ ᠶᠢᠨ ᠲᠣᠭᠤᠷᠢᠭ ᠢᠶᠠᠷ ᠣᠷᠭᠤᠯᠲᠠ‌‍ᠲ᠋ᠠᠶ᠃ ᠮᠠᠨ ᠤ ᠤᠯᠤᠰ ᠤᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠤ ᠪᠠᠷᠠᠭᠤᠨ ᠬᠡᠰᠡᠭ᠂ ᠳᠤᠮᠳᠠᠳᠤ ᠣᠷᠣᠨ ᠤ ᠪᠠᠷᠠᠭᠤᠨ ᠬᠡᠰᠡᠭ ᠭᠠᠵᠠᠷ ᠣᠷᠣᠨ ᠢᠶᠠᠷ ᠳᠠᠷᠬᠠᠳᠠᠭ᠃ ᠴᠡᠴᠡᠭ ᠨᠢ ᠡᠮ ᠎ ᠳᠤ ᠣᠷᠣᠵᠤ᠂ ᠭᠤᠣᠯᠳᠠᠭᠤ ᠠᠮᠢᠰᠬᠤᠯ ᠤᠨ ᠵᠠᠮ ᠤᠨ ᠦᠷᠪᠢᠰᠦᠯ ᠵᠢᠴᠢ ᠡᠯ᠎ᠠ ᠵᠦᠢᠯ ᠤᠨ ᠦᠷᠪᠢᠰᠦᠯ ᠢ ᠵᠠᠰᠠᠨ᠎ᠠ᠃ ᠲᠡᠭᠦᠨ ᠢ ᠪᠠᠰᠠ ᠮᠣᠩᠭᠤᠯ ᠡᠮ ᠳᠤ ᠬᠡᠷᠡᠭᠯᠡᠵᠦ᠂ ᠭᠤᠣᠯᠳᠠᠭᠤ ᠶᠡᠷ᠎ᠠ ᠬᠥᠪᠲᠦᠷᠦᠦ ᠵᠢᠴᠢ ᠭᠠᠳᠠᠷ ᠰᠢᠷᠬ᠎ᠠ ᠵᠡᠷᠭᠡ ᠎ ᠶᠢ ᠵᠠᠰᠠᠳᠠᠭ᠃ ᠴᠡᠴᠡᠭ ᠨᠢ ᠲᠣᠮᠣ ᠪᠥᠭᠡᠳ ᠰᠣᠷᠭᠤᠭ ᠪᠣᠯᠬᠤᠷ ᠦᠵᠡᠮᠦᠷᠢ ᠶᠢᠨ ᠤᠷᠭᠤᠮᠠᠯ ᠪᠣᠯᠭᠠᠵᠤ ᠪᠣᠯᠳᠠᠭ᠃
mp27268289_1439470438013_4.jpg
t016f0d04e16fb85153.jpg
 
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号