ᠲᠦᠮᠡᠳ ᠵᠡᠭᠦᠨ ᠬᠤᠰᠢᠭᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/13
      3 ᠰᠠᠷ᠎ᠠ ᠶᠢᠨ 9᠎ ᠤ ᠡᠳᠦᠷ᠂ ᠲᠦᠮᠡᠳ ᠵᠡᠭᠦᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠴᠡᠯᠡᠭᠡᠷ ᠲᠠᠯ᠎ᠠ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠠᠮᠲᠤᠷᠠᠨ ᠠᠭᠤᠯᠠ ᠳᠠᠭᠠᠤ ᠶᠢᠨ ᠠᠶᠢᠯ ᠲᠣᠰᠬᠤᠨ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠠᠵᠢᠯᠲᠠᠳ ᠴᠡᠯᠡᠭᠡᠷ ᠲᠠᠯ᠎ᠠ ᠪᠠᠯᠭᠠᠰᠤᠨ ᠤ ᠭᠧ ᠯᠢ ᠭᠧᠩ ᠲᠣᠰᠬᠤᠨ᠂ ᠬᠥ᠋ ᠶᠠᠨ ᠲᠣᠰᠬᠤᠨ ᠪᠣᠯᠣᠨ ᠭᠧᠦ ᠮᠧᠨ ᠲᠣᠰᠬᠤᠨ ᠵᠡᠷᠭᠡ ᠭᠠᠵᠠᠷ ᠲᠤ ᠬᠦᠷᠴᠦ ᠲᠥᠪᠯᠡᠷᠡᠭᠦᠯᠦᠨ ᠤᠬᠠᠭᠤᠯᠪᠠ᠃ ᠡᠨᠡ ᠬᠦ ᠠᠵᠢᠯᠯᠠᠭ᠎ᠠ ᠶᠢᠨ ᠳᠤᠮᠳᠠ ᠠᠵᠢᠯᠲᠠᠳ ᠴᠡᠯᠡᠭᠡᠷ ᠲᠠᠯ᠎ᠠ ᠪᠠᠯᠭᠠᠰᠤᠨ ᠤ ᠭᠧ ᠯᠢ ᠭᠧᠩ ᠲᠣᠰᠬᠤᠨ᠂ ᠬᠥ᠋ ᠶᠠᠨ ᠲᠣᠰᠬᠤᠨ ᠪᠣᠯᠣᠨ ᠭᠧᠦ ᠮᠧᠨ ᠲᠣᠰᠬᠤᠨ ᠵᠡᠷᠭᠡ ᠭᠠᠵᠠᠷ ᠲᠤ ᠬᠦᠷᠴᠦ ᠲᠥᠪᠯᠡᠷᠡᠭᠦᠯᠦᠨ ᠤᠬᠠᠭᠤᠯᠪᠠ᠃ ᠲᠣᠰ ᠤᠳᠠᠭᠠᠨ ᠤ ᠤᠬᠠᠭᠤᠯᠭ᠎ᠠ ᠳᠤ ᠭᠤᠣᠯᠳᠠᠭᠤ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠳᠡᠪᠲᠡᠷ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠪᠠ ᠨᠡᠭᠦᠳᠡᠯ ᠲᠡᠷᠭᠡ ᠬᠥᠰᠬᠡ ᠳᠤ ᠤᠬᠠᠭᠤᠯᠭ᠎ᠠ ᠶᠢᠨ ᠲᠠᠭᠤᠨ ᠳᠠᠪᠲᠠᠮᠵᠢ ᠨᠡᠪᠲᠡᠷᠡᠭᠦᠯᠬᠦ ᠵᠡᠷᠭᠡ ᠬᠡᠯᠪᠡᠷᠢ ᠪᠠᠷ ᠶᠠᠪᠤᠭᠳᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠣᠰᠬᠤᠨ ᠪᠠ ᠭᠤᠣᠯᠳᠠᠯᠭ᠎ᠠ ᠲᠠᠢ ᠲᠡᠵᠢᠭᠡᠨ ᠦᠷᠡᠵᠢᠭᠦᠯᠬᠦ ᠡᠷᠦᠬᠡ ᠶᠢ ᠭᠦᠨᠵᠡᠭᠡᠢ ᠰᠤᠷᠪᠤᠯᠵᠢᠯᠠᠬᠤ ᠪᠠ ᠡᠷᠦᠬᠡ ᠳᠤ ᠬᠦᠷᠴᠦ ᠤᠬᠠᠭᠤᠯᠤᠨ ᠮᠡᠳᠡᠭᠳᠡᠨ᠎ᠡ᠃ ᠠᠵᠢᠯᠲᠠᠨ ᠤ ᠨᠠᠷᠢᠨ ᠲᠠᠶᠢᠯᠪᠤᠷᠢᠯᠠᠯᠲᠠ ᠪᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ ᠨᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠰᠠᠨ ᠪᠥᠭᠡᠳ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠦᠵᠡᠭᠦᠯᠬᠦ ᠴᠢᠬᠤᠯᠠ ᠴᠢᠨᠠᠷ ᠢ ᠴᠤ ᠲᠠᠨᠢᠵᠤ ᠣᠯᠣᠭᠰᠠᠨ ᠪᠠᠶᠢᠨ᠎ᠠ᠃ ᠣᠶᠢᠯᠠᠭᠠᠭᠰᠠᠨ ᠢᠶᠠᠷ᠂ 3 ᠰᠠᠷ᠎ᠠ ᠶᠢᠨ 9᠎ ᠤ ᠡᠳᠦᠷ ᠠᠴᠠ ᠡᠬᠢᠯᠡᠨ᠂ ᠬᠤᠰᠢᠭᠤᠨ ᠣᠶ ᠰᠢᠭᠤᠢ ᠶᠢᠨ ᠳᠠᠷᠤᠭ᠎ᠠ ᠶᠢᠨ ᠠᠯᠪᠠᠨ ᠭᠡᠷ ︵ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ︶ ᠠᠭᠤᠯᠠ ᠳᠠᠭᠠᠤ ᠶᠢᠨ ᠰᠢᠶᠠᠩ ᠪᠠᠯᠭᠠᠰᠤᠨ ᠤ ᠡᠯ᠎ᠡ ᠲᠣᠰᠬᠤᠨ ᠳᠤ ᠬᠠᠷᠢᠶ᠎ᠠ ᠭᠠᠵᠠᠷ ᠤᠨ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠬᠤᠯᠪᠤᠭᠠᠯᠠᠨ᠂ ᠨᠢᠭᠡ ᠭᠠᠷᠠᠭ ᠤᠨ ᠬᠤᠭᠤᠴᠠᠭ᠎ᠠ ᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃
 
ᠢᠷᠡᠯᠲᠡ᠄ ᠲᠦᠮᠡᠳ ᠵᠡᠭᠦᠨ‌ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号