2023 ᠣᠨ ᠳᠤ ᠮᠠᠨ ᠤ ᠤᠯᠤᠰ 1.25 ᠳ᠋ᠦᠩᠰᠢᠭᠤᠷ ᠮᠦ ᠡᠪᠡᠰᠦ ᠲᠠᠷᠢᠵᠤ ᠤᠶᠢᠵᠢᠭᠤᠯᠪᠠ
ᠨᠡᠶᠢᠲᠡᠯᠡᠭᠰᠡᠨ ᠴᠠᠭ᠄
2024/3/14
      2024 ᠣᠨ ᠤ 3 ᠰᠠᠷ᠎ᠠ ᠶᠢᠨ 12᠎ ᠤᠨ ᠡᠳᠦᠷ ᠪᠣᠯ 46᠎ ᠳᠠᠬᠢ ᠮᠣᠳᠣ ᠲᠠᠷᠢᠬᠤ ᠡᠳᠦᠷ ᠪᠣᠯᠣᠨ᠎ᠠ᠃      2023 ᠣᠨ ᠳᠤ᠂ ᠮᠠᠨ ᠤ ᠤᠯᠤᠰ 1.25 ᠳ᠋ᠦᠩᠰᠢᠭᠤᠷ ᠮᠦ ᠡᠪᠡᠰᠦ ᠲᠠᠷᠢᠵᠤ ᠣᠶᠢᠵᠢᠭᠤᠯᠵᠤ᠂ 2857 ᠲᠦᠮᠡᠨ ᠮᠦ ᠴᠢᠯᠠᠭᠤᠵᠢᠵᠤ ᠡᠯᠡᠰᠦᠷᠭᠡᠭᠵᠢᠭᠰᠡᠨ ᠭᠠᠵᠠᠷ ᠰᠢᠷᠣᠢ ᠶᠢ ᠵᠡᠰᠠᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠣᠢ ᠰᠢᠭᠤᠢ ᠶᠢᠨ ᠲᠠᠯᠠᠪᠠᠢ ᠪᠠ ᠣᠢ ᠰᠢᠭᠤᠢ ᠶᠢᠨ ᠬᠤᠷᠠᠮᠳᠤᠯ 40 ᠵᠢᠯ ᠳᠠᠷᠠᠭᠠᠯᠠᠨ ︽ᠬᠤᠣᠰ ᠨᠡᠮᠡᠭᠳᠡᠯ︾᠎ ᠢ ᠪᠡᠶᠡᠯᠡᠭᠦᠯᠪᠡ᠃
1.jpg  
           ᠬᠠᠳᠤᠨ ᠭᠤᠣᠯ ᠤᠨ ᠶᠡᠭᠡ ᠲᠣᠬᠤᠢ ᠶᠢᠨ ᠬᠡᠰᠡᠭ ᠤᠨ ᠪᠤᠭᠤᠮᠳᠠ ᠰᠢᠪᠳᠤᠯᠬᠤ ᠲᠠᠶᠢᠯᠠᠯᠳᠤᠭᠠᠨ᠂ ᠬᠤᠷᠴᠢᠨ ᠪᠣᠯᠣᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠲᠠᠶᠢᠯᠠᠯᠳᠤᠭᠠᠨ᠂ ᠡᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠭᠥᠪᠡᠭᠡ ᠲᠠᠭᠠᠤ ᠶᠢᠨ ᠬᠤᠷᠢᠭᠯᠠᠯᠲᠠ ᠶᠢᠨ ᠲᠠᠶᠢᠯᠠᠯᠳᠤᠭᠠᠨ ᠵᠡᠷᠭᠡ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠲᠠᠶᠢᠯᠠᠯᠳᠤᠭᠠᠨ ᠢ ᠡᠬᠢᠯᠡᠭᠦᠯᠪᠡ᠃
2.jpg  
           ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ 68 ᠭᠤᠣᠯᠳᠠᠯᠭ᠎ᠠ ᠲᠠᠢ ᠳᠦᠷᠦᠯ ᠵᠦᠢᠯ ᠢ ᠲᠦᠯᠦᠪᠵᠢᠭᠦᠯᠦᠨ ᠪᠠᠶᠢᠷᠢᠯᠠᠭᠤᠯᠵᠤ᠂ ᠨᠢᠭᠡᠨᠲᠡ 22 ᠳᠦᠷᠦᠯ ᠵᠦᠢᠯ ᠢ ᠠᠵᠢᠯ ᠡᠬᠢᠯᠡᠭᠦᠯᠦᠨ᠂ 1800 ᠲᠦᠮᠡᠨ ᠮᠦ ᠡᠪᠡᠰᠦ ᠮᠣᠳᠣ ᠲᠠᠷᠢᠪᠠ᠃      ᠳᠡᠯᠡᠬᠡᠢ ᠶᠢᠨ ᠴᠢᠬᠤᠯᠠ ᠨᠤᠭᠤ ᠭᠠᠵᠠᠷ ᠢ 18᠂ ᠤᠯᠤᠰ ᠤᠨ ᠴᠢᠬᠤᠯᠠ ᠨᠤᠭᠤ ᠭᠠᠵᠠᠷ ᠢ 29 ᠰᠢᠨ᠎ᠡ ᠪᠠᠷ ᠨᠡᠮᠡᠭᠳᠡᠭᠦᠯᠵᠦ᠂ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ 14᠂ ᠨᠤᠭᠤ ᠭᠠᠵᠠᠷ ᠎ ᠤᠨ ᠠᠮᠢ ᠠᠭᠤᠢ ᠶᠢᠨ ᠬᠠᠮᠠᠭᠠᠯᠠᠯᠲᠠ ᠶᠢᠨ ᠨᠥᠭᠦᠪᠦᠷᠢ ᠥᠭᠬᠦ ᠳᠦᠷᠦᠯ ᠵᠦᠢᠯ ᠢ 48᠂ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠳᠥᠷᠥᠯ ᠵᠦᠢᠯ ᠢ 91 ᠬᠡᠷᠡᠴᠢᠭᠦᠯᠪᠡ᠃
3.jpg   
           ᠪᠦᠬᠦ ᠤᠯᠤᠰ ᠤᠨ ᠣᠢ ᠰᠢᠭᠤᠢ ᠶᠢᠨ ᠠᠵᠤ ᠦᠢᠯᠡᠰ ᠤᠨ ᠦᠢᠯᠡᠳᠭᠦᠨ ᠤ ᠶᠡᠷᠦᠩᠬᠡᠢ ᠦᠷᠳᠡᠭ 9.2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠢ᠃ ᠠᠵᠤ ᠠᠬᠤᠢ ᠶᠢᠨ ᠣᠢ ᠶᠢᠨ ᠭᠠᠷᠤᠯᠲᠠ 2.26 ᠳ᠋ᠦᠩᠰᠢᠭᠤᠷ ᠲᠣᠨ ᠳᠤ ᠬᠦᠷᠴᠦ᠂ ᠣᠢ ᠰᠢᠭᠤᠢ ᠶᠢᠨ ᠢᠲᠡᠭᠡᠨ ᠨᠢ ᠠᠮᠤ ᠪᠤᠳᠠᠭ᠎ᠠ᠂ ᠢᠳᠡᠰᠢᠨ ᠨᠤᠭᠤᠭ᠎ᠠ ᠶᠢᠨ ᠳᠠᠷᠠᠭᠠᠬᠢ ᠭᠤᠷᠪᠠᠳᠤᠭᠠᠷ ᠲᠣᠮᠣ ᠲᠠᠷᠢᠶᠠᠯᠠᠩ ᠤᠨ ᠪᠦᠲᠦᠭᠡᠭᠳᠡᠭᠦᠨ ᠪᠣᠯᠪᠠ᠃ ᠣᠢ ᠶᠢᠨ ᠳᠠᠭᠠᠯᠲᠠ‌ᠠᠵᠤ ᠠᠬᠤᠢ ᠶᠢᠨ ᠵᠢᠯ ᠤᠨ ᠦᠢᠯᠡᠳᠭᠦᠨ ᠤ ᠥᠷᠲᠡᠭ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃
4.jpg
 
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号