ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠬᠠᠲᠤᠨ ᠭᠤᠤᠯ ᠤᠨ ︽ᠤᠭᠠᠯᠵᠠ ᠲᠣᠬᠤᠶ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/18
         3 ᠰᠠᠷ᠎ᠠ ᠶᠢᠨ 5᠎ ᠤ ᠡᠳᠦᠷ ᠠᠴᠠ 3  ᠰᠠᠷ᠎ᠠ ᠶᠢᠨ 13᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠬᠠᠮᠢᠶ᠎ᠠ ᠪᠥᠬᠦᠶ ᠬᠦᠮᠦᠰ ᠢ ᠳᠠᠭᠠᠭᠤᠯᠤᠨ ᠤᠷᠢᠳ ᠬᠤᠵᠢᠳ ᠤᠯᠠᠭᠠᠨᠴᠠᠪ᠂ ᠣᠷᠳᠣᠰ᠂ ᠪᠠᠶᠠᠨᠨᠠᠭᠤᠷ᠂ ᠠᠯᠠᠱᠠ ᠵᠡᠷᠭᠡ ᠬᠠᠲᠤᠨ ᠭᠤᠤᠯ ᠤᠨ ︽ᠤᠭᠠᠯᠵᠠ ᠲᠣᠬᠤᠶ︾᠎ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠣᠷᠣᠨ ᠤ ᠠᠶᠢᠮᠠᠭ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠬᠤ ᠪᠠᠷ ᠳᠠᠮᠵᠢᠨ᠂ 2024 ᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠭᠦᠷᠭᠡ ᠶᠢᠨ ᠭᠠᠵᠠᠷ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠮᠦᠨᠡᠬᠢ ᠬᠤᠭᠤᠴᠠᠭᠠᠨ ᠤ ᠪᠡᠯᠡᠳᠬᠡᠯ᠂ ᠪᠠᠯᠠ ᠮᠥᠩᠭᠦ ᠶᠢᠨ ᠪᠠᠶᠢᠳᠠᠯ ᠪᠠ ᠦᠷ᠎ᠡ ᠴᠢᠬᠢ ᠮᠣᠳᠣ ᠶᠢᠨ ᠪᠡᠯᠡᠳᠬᠡᠯ ᠠᠵᠢᠯ ᠢ ᠪᠠᠶᠢᠴᠠᠭᠠᠨ ᠦᠵᠡᠵᠦ᠂ ᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠵᠢᠯᠣᠭᠤᠳᠪᠠ︔ ︽ ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠲᠣᠭᠤᠷᠢᠨ ᠳᠤ ᠬᠠᠮᠢᠶ᠎ᠠ ᠪᠥᠬᠦᠶ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶᠎ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠯᠦᠭᠡ ᠶᠠᠷᠢᠯᠴᠠᠬᠤ ᠶᠢᠨ ᠬᠠᠮᠲᠤ᠂ ᠡᠯ᠎ᠡ ᠭᠠᠵᠠᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠤᠬᠠᠶ ᠪᠣᠳᠠᠲᠠᠶ ᠰᠠᠨᠠᠯ ᠰᠠᠨᠠᠭᠤᠯᠭ᠎ᠠ ᠳᠤᠷᠠᠳᠪᠠ᠃
W020240318338550746720.jpg
W020240315616208155871_ORIGIN.jpg
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠤᠯᠠᠭᠠᠨᠴᠠᠪ ᠬᠤᠲᠠ ᠶᠢᠨ ᠹᠧᠩᠵᠧᠨ ᠬᠤᠲᠠ᠂ ᠵᠦᠸᠧᠽᠢ ᠰᠢᠶᠠᠨ᠂ ᠣᠷᠳᠣᠰ ᠬᠤᠲᠠ ᠶᠢᠨ ᠳᠠᠯᠠᠳ ᠬᠤᠰᠢᠭᠤ᠂ ᠬᠠᠩᠭᠢᠨ ᠬᠤᠰᠢᠭᠤ᠂ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ᠂ ᠬᠠᠩᠭᠢᠨ ᠬᠤᠶᠢᠲᠤ ᠬᠤᠰᠢᠭᠤ᠂ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤ ᠪᠠᠷ ᠬᠦᠷᠴᠦ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠨ‌‍ᠲ᠋ᠦ᠋ᠷᠦᠯ ᠵᠦᠢᠯ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠡᠬᠢᠯᠡᠬᠦ ᠪᠡᠯᠡᠳᠬᠡᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠣᠯᠤᠨ ᠠᠯᠠᠱᠠ ᠠᠶᠢᠮᠠᠭ ᠲᠤ ᠲᠣᠰ ᠲᠣᠰ ᠶᠠᠷᠢᠯᠴᠠᠬᠤ ᠬᠤᠷᠠᠯ ᠬᠤᠷᠠᠯᠳᠤᠭᠤᠯᠪᠠ᠃ ᠡᠨᠡ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠠᠯᠠᠱᠠ ᠠᠶᠢᠮᠠᠭ ᠤᠨ ︽ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠬᠦ ᠵᠢᠴᠢ 2024 ᠣᠨ ᠤ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ︾᠎ ᠳᠤ ᠣᠷᠣᠯᠴᠠᠪᠠ᠂ ᠶᠣᠰᠣᠯᠠᠯ ᠲᠡᠭᠦᠰᠦᠭᠰᠡᠨ ᠤ ᠲᠠᠷᠠᠭ᠎ᠠ᠂ ᠮᠠ ᠴᠢᠶᠠᠩ ᠳᠡᠳ᠋ ᠲᠣᠪᠴᠢᠶᠠᠨ ᠳᠠᠷᠤᠭ᠎ᠠ ᠨᠠᠷ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠤᠯᠭ᠎ᠠ᠂ ᠡᠯ᠎ᠡ ᠡᠲᠡᠭᠡᠳ ᠤᠨ ᠺᠠᠳ᠋ᠷ ᠤᠯᠠᠨ ᠲᠦᠮᠡᠨ ᠲᠠᠢ ᠬᠠᠮᠲᠤ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠬᠠᠲᠤᠨ ᠭᠤᠤᠯ ᠤᠨ ︽ᠤᠮᠠᠷᠠᠲᠤ ᠶᠢᠨ ᠭᠤᠷᠪᠠᠨ ᠤᠷᠤᠨ︾᠎ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠤ 2024 ᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠡᠯᠡᠳᠬᠡᠯ ᠠᠵᠢᠯ ᠢ ᠬᠦᠢᠴᠡᠳ ᠨᠤᠲᠠᠯᠠᠵᠤ᠂ ᠡᠯ᠎ᠡ ᠠᠶᠢᠮᠠᠭ ᠬᠤᠲᠠ ᠶᠢᠨ ᠪᠠᠶᠢᠷᠢᠯᠠᠭᠤᠯᠤᠯᠲᠠ ᠢᠶᠠᠨ ᠡᠷᠲᠡᠬᠡᠨ ᠡᠬᠢᠯᠡᠬᠦᠯᠵᠦ᠂ ᠠᠵᠢᠯᠯᠠᠭ᠎ᠠ ᠲᠦᠷᠭᠡᠨ ᠶᠠᠪᠤᠭᠳᠠᠵᠤ᠂ ᠠᠵᠢᠯ ᠪᠣᠳᠠᠲᠠᠶ᠂ ᠦᠷ᠎ᠡ ᠪᠦᠲᠦᠮᠵᠢᠲᠡᠶ ᠪᠠᠷ ᠰᠢᠪᠲᠤᠯᠤᠯᠲᠠ ᠬᠢᠭᠰᠡᠨ ᠢ ᠳᠡᠭᠡᠲᠦ ᠬᠡᠮᠵᠢᠶ᠎ᠡ ᠪᠠᠷ ᠨᠤᠲᠠᠯᠠᠪᠠ᠃     ᠪᠠᠶᠢᠴᠠᠭᠠᠨ ᠰᠤᠳᠤᠯᠬᠤ ᠳᠤᠭᠤᠶᠢᠯᠠᠩ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠣᠷᠣᠨ ᠬᠤᠪᠢᠶᠠᠨ ᠲᠦᠷᠦᠯ ᠬᠤᠪᠢᠶᠠᠨ ᠣᠨᠣᠴᠠᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠢ ᠬᠠᠮᠲᠤ ᠪᠠᠷ ᠤᠯᠬᠤ ᠶᠢ ᠪᠡᠶᠡᠯᠡᠭᠦᠯᠬᠦ ᠬᠡᠷᠡᠭᠲᠡᠢ︔ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠨᠠᠷᠢᠨ ᠬᠢᠨᠠᠮᠠᠭᠠᠢ ᠲᠥᠯᠥᠪᠵᠢᠭᠦᠯᠦᠨ ᠪᠠᠶᠢᠷᠢᠰᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠪᠠ ᠤᠷᠤᠨ ᠪᠦᠰᠡ ᠳᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ︔ ᠵᠣᠯᠭᠠᠭᠤᠯᠤᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠣᠶ ᠰᠢᠭᠤᠶ  ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠡᠨᠧᠷᠭᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠨᠢ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠢᠨᠵᠧᠨᠧᠷᠢᠩ ᠤᠨ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠠᠬ᠎ᠠ ᠳᠡᠯᠭᠡᠭᠦᠷ ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠶ︔ ᠦᠷ᠎ᠡ ᠴᠢᠬᠢ ᠬᠠᠩᠭᠠᠬᠤ ᠠᠵᠢᠯ ᠢ ᠤᠷᠢᠳᠴᠢᠯᠠᠨ ᠲᠦᠯᠦᠪᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠠᠲᠤᠯᠠᠭ᠎ᠠ ᠶᠢᠨ ᠴᠢᠨᠠᠷᠲᠠᠶ 40 ᠵᠤᠯᠵᠠᠭ᠎ᠠ ᠮᠣᠳᠣᠨ ᠤ ᠬᠦᠷᠢᠶᠡᠯᠡᠩ ᠤᠨ ᠰᠠᠭᠤᠷᠢ ᠪᠠᠲᠤᠯᠠᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠳᠠᠶᠢᠯᠠᠯᠳᠤᠭᠠᠨ ᠵᠡᠷᠭᠡ ᠭᠤᠤᠯᠳᠠᠯᠭ᠎ᠠ ᠲᠠᠢ ᠢᠨᠵᠧᠨᠧᠷᠢᠩ ᠤᠨ ᠣᠶ ᠮᠣᠳᠣᠨ ᠤ ᠦᠷ᠎ᠡ ᠴᠢᠬᠢ  ᠶᠢᠨ ᠬᠠᠩᠭᠠᠯᠭ᠎ᠠ ᠶᠢ ᠦᠨᠡᠨᠬᠦ ᠪᠠᠲᠤᠯᠠᠵᠤ᠂ ᠣᠶ ᠮᠣᠳᠣᠨ ᠤ ᠰᠢᠯᠢᠳᠡᠭ ᠡᠭᠦᠯᠳᠡᠷ ᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠰᠢᠯᠢᠳᠡᠭ ᠡᠭᠦᠯᠳᠡᠷ ᠢ ᠬᠡᠷᠡᠭᠯᠡᠬᠦ ᠨᠣᠷᠮ᠎ᠠ ᠶᠢ 70 %᠎ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠬᠢᠵᠠᠭᠠᠷ ᠢ ᠡᠪᠳᠡᠵᠦ᠂ ᠤᠷᠳᠤᠰ᠂ ᠪᠠᠶᠠᠨᠨᠠᠭᠤᠷ᠂ ᠠᠯᠠᠱᠠ᠂ ᠦᠬᠠᠢ᠂ ᠪᠤᠭᠤᠲᠤ ᠵᠡᠷᠭᠡ ᠠᠶᠢᠮᠠᠭ ᠬᠤᠳᠠ ᠶᠢᠨ ᠠᠭᠤᠯᠵᠠᠷ ᠤᠨ ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠬᠦ ᠬᠡᠷᠡᠭᠲᠡᠢ︔ ᠬᠢᠨᠠᠨ ᠪᠤᠳᠤᠬᠤ᠂ ᠲᠣᠭᠤᠷᠢᠨ ᠪᠠᠶᠢᠴᠠᠭᠠᠬᠤ᠂ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠲᠠᠪᠴᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠯᠳᠠᠰᠢ ᠭᠠᠷᠬᠤ ᠶᠢ ᠰᠡᠷᠭᠡᠶᠢᠯᠡᠵᠦ᠂ ᠠᠳᠠᠯᠢ ᠲᠥᠷᠥᠯ ᠤᠨ ᠠᠰᠠᠭᠤᠳᠠᠯ ᠳᠠᠬᠢᠨ ᠳᠠᠪᠲᠠᠨ ᠭᠠᠷᠬᠤ ᠶᠢ ᠡᠷᠡᠰ ᠰᠡᠷᠭᠡᠶᠢᠯᠡᠵᠦ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号