︽ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠣᠶᠢᠷ᠎ᠠ ᠳᠤ ᠨᠡᠶᠢᠲᠡᠯᠡᠪᠡ᠂ ᠡᠨᠡ | ᠵᠢᠯ ᠤᠨ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 2 ᠰᠠᠷ᠎ᠠ ᠶᠢᠨ 26 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠲᠥᠷᠥ ᠶᠢᠨ ᠶᠠᠪᠤᠳᠠᠯ ᠤᠨ ᠬᠤᠷᠢᠶᠠᠨ ᠤ | ᠲᠥᠷᠥ ᠶᠢᠨ ᠪᠣᠳᠣᠯᠭ᠎ᠠ ᠶᠢ ᠮᠡᠳᠡᠭᠳᠡᠬᠦ ᠲᠣᠭᠲᠠᠮᠠᠯ ᠬᠤᠭᠤᠴᠠᠭᠠᠲᠤ ᠬᠤᠷᠠᠯ ᠬᠢᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠢ ᠤᠷᠢᠵᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠃ | 2021 ᠣᠨ ᠤ 7 ᠰᠠᠷ᠎ᠠ ᠳᠤ᠂ ᠪᠥᠬᠦ ᠤᠯᠤᠰ ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ | ᠠᠷᠠᠯᠵᠢᠶᠠᠨ ᠤ ᠵᠠᠬ᠎ᠠ ᠳᠡᠯᠭᠡᠭᠦᠷ ᠨᠢ ᠴᠠᠬᠢᠯᠭᠠᠨ ᠭᠠᠷᠭᠠᠬᠤ ᠠᠵᠢᠯ ᠲᠥᠷᠥᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ | ᠵᠢᠩᠬᠢᠨᠢ ᠪᠠᠷ ᠰᠦᠯᠵᠢᠶᠡᠨ ᠳᠤ ᠣᠷᠣᠭᠤᠯᠤᠨ ᠠᠷᠠᠯᠵᠢᠶᠠᠯᠠᠪᠠ᠃ ︽ᠣᠳᠣᠬᠠᠨ ᠳᠤ ᠵᠠᠬ᠎ᠠ ᠳᠡᠯᠭᠡᠭᠦᠷ ᠲᠤ | ᠣᠷᠣᠭᠤᠯᠤᠭᠰᠠᠨ ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ 2257 ᠪᠣᠯᠵᠤ᠂ ᠵᠢᠯ ᠤᠨ | ᠨᠠᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠪᠠᠷᠤᠭ 51 ᠳ᠋ᠦᠩᠰᠢᠭᠤᠷ | ᠲᠣᠨ ᠢ ᠬᠠᠮᠤᠷᠴᠤ᠂ ᠪᠦᠬᠦ ᠤᠯᠤᠰ ᠤᠨ ᠨᠠᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶᠡᠨ ᠤ 40% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ | ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠵᠠᠬ᠎ᠠ ᠳᠡᠯᠭᠡᠭᠦᠷ ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠨᠠᠶᠢᠳᠠ 4.4 | ᠳ᠋ᠦᠩᠰᠢᠭᠤᠷ ᠲᠣᠨ ᠳᠤ ᠬᠦᠷᠴᠦ᠂ ᠠᠷᠠᠯᠵᠢᠶ᠎ᠠ ᠪᠦᠲᠦᠭᠰᠡᠨ ᠦᠨ᠎ᠡ ᠪᠠᠷᠤᠭ 249 ᠳ᠋ᠦᠩᠰᠢᠭᠤᠷ ᠲᠥᠭᠦᠷᠢᠭ ᠲᠤ | ᠬᠦᠷᠴᠡᠢ᠃ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠳᠡᠳ᠋ ᠰᠠᠶᠢᠳ ᠵᠤᠤ ᠶᠢᠩ ᠮᠢᠨ᠂ ᠪᠦᠬᠦ ᠤᠯᠤᠰ ᠤᠨ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠡᠷᠡᠭᠦᠯ ᠠᠵᠢᠯᠯᠠᠭ᠎ᠠ ᠨᠢ | ︽ᠬᠤᠣᠰ ᠨᠠᠭᠦᠷᠡᠰᠦᠲᠦ᠋ᠷᠦᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠪᠦᠬᠦ ᠨᠡᠶᠢᠭᠡᠮ ᠤᠨ | ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠳᠤ ᠴᠢᠬᠤᠯᠠ | ᠦᠢᠯᠡᠳᠦᠯ ᠦᠵᠡᠭᠦᠯᠵᠡᠢ ᠭᠡᠵᠦ ᠬᠡᠯᠡᠪᠡ᠃ | ᠲᠠᠨᠢᠯᠴᠠᠭᠤᠯᠤᠭᠰᠠᠨ ᠢᠶᠠᠷ᠂ ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠤᠨ ᠨᠠᠭᠦᠷᠡᠰᠦᠲᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ᠬᠤᠪᠢᠶᠠᠷᠢᠯᠠᠯᠲᠠ ᠶᠢ ᠠᠰᠢᠭᠯᠠᠨ᠂ ᠨᠠᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠶᠢ | ᠪᠠᠭᠠᠰᠬᠠᠬᠤ ᠬᠠᠷᠠᠯᠲᠠ ᠶᠢᠨ ᠱᠠᠭᠠᠷᠳᠠᠯᠭ᠎ᠠ ᠶᠢ ᠠᠵᠤ ᠠᠬᠤᠶᠢᠯᠠᠯ ᠳᠤ ᠰᠢᠭᠤᠳ ᠬᠤᠪᠢᠶᠠᠨ ᠥᠭᠴᠦ᠂ ᠠᠵᠤ | ᠠᠬᠤᠶᠢᠯᠠᠯ ᠢ ᠨᠠᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠭᠤᠣᠯ ᠴᠣᠭᠴᠠ ᠪᠣᠯᠭᠠᠵᠤ᠂ ᠠᠵᠤ | ᠠᠬᠤᠶᠢᠯᠠᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠡᠳᠦᠭᠡᠷ ᠲᠣᠮᠣ ᠨᠠᠭᠦᠷᠡᠰᠦᠲᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ᠭᠤᠣᠯᠳᠠᠯᠭ᠎ᠠ ᠲᠠᠢ ᠠᠵᠢᠯ ᠲᠥᠷᠥᠯ ︵ᠴᠠᠬᠢᠯᠭᠠᠨ ᠬᠦᠴᠦᠨ ᠤ ᠠᠵᠢᠯ ᠲᠥᠷᠥᠯ︶ ᠤᠨ | ᠨᠠᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠢ ᠬᠢᠵᠠᠭᠠᠷᠯᠠᠬᠤ ᠶᠢ ᠪᠡᠶᠡᠯᠡᠭᠦᠯᠪᠡ︔ | ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠨᠢ ᠠᠵᠤ ᠠᠬᠤᠶᠢᠯᠠᠯ ᠤᠨ ᠨᠠᠭᠦᠷᠡᠰᠦᠲᠦ᠋ᠷᠦᠭᠴᠢ ᠶᠢ ᠪᠠᠭᠠᠰᠬᠠᠬᠤ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠨᠡᠩ ᠠᠮᠢᠳᠤᠯᠢᠭ ᠰᠣᠩᠭᠤᠯᠲᠠ ᠬᠠᠩᠭᠠᠵᠤ᠂ ᠠᠵᠢᠯ ᠳᠦᠷᠦᠯ ᠪᠣᠯᠣᠨ ᠪᠦᠬᠦ | ᠨᠡᠶᠢᠭᠡᠮ ᠤᠨ ᠨᠠᠭᠦᠷᠡᠰᠦᠲᠦ᠋ᠷᠦᠭᠴᠢ ᠶᠢ ᠪᠠᠭᠠᠰᠬᠠᠬᠤ ᠥᠪᠡᠷ ᠤᠨ ᠥᠷᠲᠡᠭ ᠢ ᠪᠠᠭᠤᠷᠠᠭᠤᠯᠪᠠ᠂ ᠬᠠᠮᠤᠷᠬᠤ ᠠᠵᠢᠯ | ᠳᠦᠷᠦᠯ ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠬᠦ ᠶᠢ ᠳᠠᠭᠠᠯᠳᠤᠨ᠂ ᠨᠠᠭᠦᠷᠡᠰᠦᠲᠦ᠋ᠷᠦᠭᠴᠢ ᠶᠢᠨ | ᠭᠠᠳᠠᠭᠰᠢᠯᠠᠭᠤᠯᠤᠯᠲᠠ ᠶᠢᠨ ᠡᠬᠢ ᠪᠠᠶᠠᠯᠢᠭ ᠢ ᠠᠳᠠᠯᠢ ᠪᠤᠰᠤ ᠠᠵᠢᠯ ᠳᠦᠷᠦᠯ ᠤᠨ ᠬᠤᠭᠤᠷᠣᠨᠳᠤ ᠰᠢᠯᠢᠳᠡᠭᠵᠢᠭᠦᠯᠦᠨ | ᠲᠣᠬᠢᠷᠠᠭᠤᠯᠵᠤ᠂ ᠬᠠᠮᠤᠭ ᠡᠴᠦᠰ ᠲᠤ ᠶᠡᠷᠦᠩᠬᠡᠢ ᠭᠠᠳᠠᠭᠰᠢᠯᠠᠭᠤᠯᠤᠯᠲᠠ ᠶᠢ ᠪᠠᠭᠠᠰᠬᠠᠬᠤ ᠥᠪᠡᠷ ᠤᠨ ᠥᠷᠲᠡᠭ ᠢ | ᠬᠠᠮᠤᠭ ᠤᠨ ᠪᠠᠭ᠎ᠠ ᠪᠣᠯᠭᠠᠬᠤ ᠪᠣᠯᠣᠨ᠎ᠠ᠃ | ︽ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠠᠴᠠ ᠪᠦᠷᠢᠯᠳᠦᠭᠰᠡᠨ ᠨᠠᠭᠦᠷᠡᠰᠦᠲᠦ᠋ᠷᠦᠭᠴᠢ ᠶᠢᠨ ᠦᠨ᠎ᠡ ᠨᠢ | ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠨᠠᠭᠦᠷᠡᠰᠦᠲᠦ᠋ᠷᠦᠭᠴᠢ ᠶᠢᠨ ᠡᠳ᠋ | ᠬᠥᠷᠥᠩᠭᠡ ᠶᠢᠨ ᠬᠠᠮᠢᠶᠠᠷᠤᠯᠲᠠ ᠵᠡᠷᠭᠡ ᠨᠠᠭᠦᠷᠡᠰᠦᠲᠦ᠋ᠷᠦᠭᠴᠢ ᠶᠢᠨ ᠦᠨ᠎ᠡ ᠲᠣᠭᠲᠠᠭᠠᠬᠤ ᠠᠵᠢᠯᠯᠠᠭ᠎ᠠ ᠶᠢ | ᠥᠷᠨᠢᠭᠦᠯᠬᠦ ᠳᠤ ᠰᠠᠭᠤᠷᠢ ᠦᠨ᠎ᠡ ᠬᠠᠩᠰᠢ ᠶᠢᠨ ᠯᠠᠪᠯᠠᠯᠲᠠ ᠶᠢ ᠲᠣᠭᠲᠠᠭᠠᠵᠤ᠂ ᠠᠭᠤᠷ ᠠᠮᠢᠰᠬᠤᠯ ᠤᠨ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ | ᠨᠠᠭᠦᠷᠡᠰᠦᠲᠦ᠋ᠷᠦᠭᠴᠢ ᠪᠠᠭ᠎ᠠ᠂ ᠨᠠᠭᠦᠷᠡᠰᠦᠲᠦ᠋ᠷᠦᠭᠴᠢ ᠦᠭᠡᠢ᠂ ᠨᠠᠭᠦᠷᠡᠰᠦᠲᠦ᠋ᠷᠦᠭᠴᠢ ᠰᠥᠭᠡᠷᠭᠦ ᠮᠡᠷᠭᠡᠵᠢᠯ ᠤᠨ ᠪᠡᠯᠡ | ᠣᠷᠣᠭᠤᠯᠤᠯᠲᠠ ᠪᠡᠯᠡ ᠲᠣᠬᠢᠷᠠᠭᠤᠯᠭ᠎ᠠ ᠳᠤ ᠰᠠᠭᠤᠷᠢ ᠲᠤᠯᠭᠠᠭᠤᠷᠢ᠂ ᠪᠡᠯᠡ ᠮᠥᠩᠭᠦ ᠶᠢᠨ ᠲᠤᠯᠭᠠᠭᠤᠷᠢᠯᠠᠯ | ᠬᠠᠩᠭᠠᠭᠰᠠᠨ ᠪᠠᠶᠢᠨ᠎ᠠ︾ ᠭᠡᠵᠦ ᠵᠣᠣ ᠶᠢᠩ ᠮᠢᠨ ᠢᠯᠡᠷᠬᠡᠶᠢᠯᠡᠬᠦ ᠳᠡᠭᠡᠨ᠂ ᠨᠠᠭᠦᠷᠡᠰᠦᠲᠦ᠋ᠷᠦᠭᠴᠢ ᠶᠢᠨ ᠵᠠᠬ᠎ᠠ | ᠳᠡᠯᠭᠡᠭᠦᠷ ᠤᠨ ᠲᠣᠭᠤᠷᠢᠨ ᠳᠤ᠂ ᠳᠤᠮᠳᠠᠳᠤ ᠤᠯᠤᠰ ᠤᠨ ᠨᠠᠭᠦᠷᠡᠰᠦᠲᠦ᠋ᠷᠦᠭᠴᠢ ᠶᠢᠨ ᠦᠨ᠎ᠡ ᠲᠣᠭᠲᠠᠭᠠᠬᠤ | ᠲᠣᠭᠲᠠᠴᠠ ᠶᠠᠭ ᠠᠯᠬᠤᠮ ᠠᠯᠬᠤᠮ ᠢᠶᠠᠷ ᠪᠦᠷᠢᠯᠳᠦᠵᠦ ᠪᠠᠶᠢᠨ᠎ᠠ ᠭᠡᠪᠡ᠃ | ︽ᠳᠦᠷᠢᠮ︾ ᠤᠨ ᠬᠠᠮᠤᠭ ᠤᠨ ᠰᠢᠭᠤᠳ ᠵᠣᠷᠢᠯᠭ᠎ᠠ ᠪᠣᠯ ᠪᠥᠬᠦ ᠤᠯᠤᠰ ᠤᠨ ᠨᠠᠭᠦᠷᠡᠰᠦᠲᠦ᠋ᠷᠦᠭᠴᠢ ᠶᠢᠨ | ᠵᠠᠬ᠎ᠠ ᠳᠡᠯᠭᠡᠭᠦᠷ ᠤᠨ ᠠᠵᠢᠯᠯᠠᠭᠠᠨ ᠤ ᠬᠠᠮᠢᠶᠠᠷᠤᠯᠲᠠ ᠳᠤ ᠬᠠᠤᠯᠢ ᠴᠠᠭᠠᠵᠠ ᠶᠢᠨ ᠦᠨᠳᠦᠰᠦ ᠪᠠᠷᠢᠮᠲᠠ ᠬᠠᠩᠭᠠᠬᠤ ᠶᠢᠨ | ᠲᠥᠯᠥᠭᠡ ᠶᠤᠮ᠃ ᠬᠠᠤᠯᠢ ᠴᠠᠭᠠᠵᠠ ᠶᠢᠨ ᠶᠠᠮᠤᠨ ᠤ ᠬᠠᠤᠯᠢ ᠲᠣᠭᠲᠠᠭᠠᠬᠤ ᠳᠥᠷᠪᠡᠳᠦᠭᠡᠷ ᠲᠣᠪᠴᠢᠶ᠎ᠠ ᠶᠢᠨ ᠳᠠᠷᠤᠭ᠎ᠠ | ᠵᠠᠩ ᠶᠣᠣ ᠪᠥᠸᠧ᠂ ︽ᠳᠦᠷᠢᠮ︾ ᠨᠢ ᠪᠦᠬᠦ ᠶᠠᠪᠤᠴᠠ ᠶᠢᠨ ᠬᠠᠮᠢᠶᠠᠷᠤᠯᠲᠠ ᠶᠢ ᠪᠠᠷᠢᠮᠲᠠᠯᠠᠵᠤ᠂ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠡᠯᠧᠮᠧᠨ᠋ᠲ ᠪᠣᠯᠣᠨ ᠡᠯ᠎ᠡ ᠭᠤᠣᠯ | ᠭᠤᠭᠴᠤᠭ᠎ᠠ ᠳᠤ ᠪᠦᠬᠦᠨ ᠢ ᠪᠦᠷᠬᠦᠭᠦᠯᠵᠦ᠂ ᠬᠤᠭᠤᠰᠤᠨ ᠭᠠᠵᠠᠷ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ | ᠦᠭᠡᠢ ᠪᠠᠶᠢᠬᠤ ᠪᠠᠷ ᠴᠢᠷᠮᠠᠶᠢᠪᠠ︔ ᠬᠤᠯᠪᠣᠭᠳᠠᠯ ᠪᠦᠬᠦᠢ ᠳᠦᠷᠢᠮ ᠤᠨ ᠵᠢᠷᠤᠭ ᠲᠥᠯᠥᠪᠯᠡᠭᠡ ᠶᠢᠨ ᠲᠠᠯ᠎ᠠ ᠪᠠᠷ | ᠴᠢᠬᠤᠯᠠ ᠪᠦᠬᠦᠢ ᠤᠶᠠᠨ ᠬᠠᠳᠠᠨ ᠴᠢᠨᠠᠷ ᠢ ᠪᠠᠲᠤᠯᠠᠵᠤ᠂ ᠬᠥᠭᠵᠢᠯᠲᠡ ᠶᠢ ᠬᠠᠶᠢᠨ ᠰᠦᠪᠡᠭᠴᠢᠯᠡᠬᠦ ᠳᠤ ᠭᠦᠢᠴᠡᠳ | ᠣᠷᠣᠨ ᠵᠠᠢ ᠦᠯᠡᠳᠡᠭᠡᠵᠦ ᠥᠭᠪᠡ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠦᠷᠢᠮ ᠤᠨ | ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ ᠤᠨ | ᠲᠥᠷᠥ ᠶᠢᠨ ᠪᠣᠳᠣᠯᠭ᠎ᠠ ᠶᠢᠨ ᠴᠢᠳᠠᠮᠵᠢ ᠶᠢ ᠪᠠᠳᠠᠷᠠᠭᠤᠯᠬᠤ ᠶᠢ ᠪᠠᠲᠤᠯᠠᠪᠠ᠃ | ᠮᠥᠨ ᠯᠡ ᠡᠬᠢᠯᠡᠯᠲᠡ ᠶᠢᠨ ᠱᠠᠲᠤᠨ ᠳᠠᠭᠠᠨ ᠪᠠᠶᠢᠭ᠎ᠠ ᠰᠢᠨ᠎ᠡ ᠬᠡᠷᠡᠭ ᠪᠣᠳᠠᠰ ᠪᠣᠯᠤᠭᠰᠠᠨ ᠤ ᠬᠤᠪᠢ ᠳᠤ᠂ | ᠮᠠᠨ ᠤ ᠤᠯᠤᠰ ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ | ᠪᠠᠰᠠ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠭᠠᠵᠠᠷ ᠮᠠᠰᠢ ᠤᠯᠠᠨ ᠪᠠᠶᠢᠨ᠎ᠠ᠃ | ︽ᠳᠦᠷᠢᠮ︾ ᠨᠢ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠳᠣᠬᠢ ᠪᠠᠶᠢᠳᠠᠯ ᠳᠤ | ᠰᠠᠭᠤᠷᠢᠯᠠᠨ᠂ ᠣᠳᠣᠬᠠᠨ ᠤ ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠬᠦᠴᠢᠷ | ᠠᠰᠠᠭᠤᠳᠠᠯ ᠤᠨ ᠲᠤᠬᠠᠢ ᠬᠠᠨᠳᠤᠯᠭᠠᠲᠤ ᠴᠢᠨᠠᠷᠲᠠᠢ ᠪᠠᠷ ᠵᠣᠬᠢᠴᠠᠩᠭᠤᠢ ᠲᠣᠭᠲᠠᠭᠠᠯ ᠭᠠᠷᠭᠠᠪᠠ᠄ | ᠨᠢᠭᠡ ᠳᠤ᠂ ᠰᠦᠢᠳᠬᠡᠯ ᠬᠤᠷᠢᠶᠠᠬᠤ ᠦᠭᠡᠢ ᠪᠠᠷ ᠬᠤᠪᠢᠶᠠᠷᠢᠯᠠᠬᠤ ᠪᠠ ᠲᠥᠯᠥᠪᠦᠷᠢ ᠲᠠᠢ ᠪᠠᠷ | ᠬᠤᠪᠢᠶᠠᠷᠢᠯᠠᠬᠤ ᠶᠢ ᠤᠶᠠᠯᠳᠤᠭᠤᠯᠤᠭᠰᠠᠨ ᠨᠠᠭᠦᠷᠡᠰᠦᠲᠦ᠋ᠷᠦᠭᠴᠢ ᠶᠢᠨ ᠬᠢᠵᠠᠭᠠᠷᠲᠤ ᠲᠤᠭ᠎ᠠ ᠶᠢ ᠬᠤᠪᠢᠶᠠᠷᠢᠯᠠᠬᠤ ᠠᠷᠭ᠎ᠠ | ᠮᠠᠶ᠋ᠢᠭ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ︽ᠣᠳᠣᠬᠠᠨ ᠳᠤ ᠮᠠᠨ ᠤ ᠤᠯᠤᠰ ᠤᠨ | ᠨᠠᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢᠨ ᠬᠢᠵᠠᠭᠠᠷᠲᠤ ᠲᠤᠭ᠎ᠠ ᠶᠢᠨ | ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠪᠣᠯ ᠰᠦᠢᠳᠬᠡᠯ ᠬᠤᠷᠢᠶᠠᠬᠤ ᠦᠭᠡᠢ ᠪᠠᠷ ᠲᠦᠭᠡᠭᠡᠵᠦ ᠪᠠᠶᠢᠨ᠎ᠠ᠂ ᠴᠠᠭ ᠲᠤᠨᠢ | ᠲᠣᠬᠢᠷᠠᠭᠤᠯᠤᠨ ᠲᠥᠯᠥᠪᠦᠷᠢ ᠲᠠᠢ ᠬᠤᠪᠢᠶᠠᠷᠢᠯᠠᠯᠲᠠ ᠶᠢ ᠣᠷᠣᠭᠤᠯᠵᠤ ᠠᠪᠴᠢᠷᠠᠬᠤ ᠶᠢᠨ ᠬᠠᠮᠲᠤ ᠲᠥᠯᠥᠪᠦᠷᠢ ᠲᠠᠢ | ᠬᠤᠪᠢᠶᠠᠷᠢᠯᠠᠯᠲᠠ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠨᠢ ᠨᠠᠭᠦᠷᠡᠰᠦᠲᠦ᠋ᠷᠦᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠤ ᠠᠰᠢᠭᠲᠠᠢ ᠪᠠᠶᠢᠵᠤ᠂ | ᠨᠠᠭᠦᠷᠡᠰᠦᠲᠦ᠋ᠷᠦᠭᠴᠢ ᠶᠢᠨ ᠦᠨ᠎ᠡ ᠪᠠᠷ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠥᠪᠡᠷ ᠤᠨ ᠥᠷᠲᠡᠭ ᠢ ᠨᠡᠩ | ᠪᠣᠳᠠᠲᠠᠢ ᠪᠠᠷ ᠲᠤᠰᠬᠠᠨ᠎ᠠ ᠭᠡᠵᠦ ᠵᠤᠤ ᠶᠢᠩ ᠮᠢᠨ ᠬᠡᠯᠡᠪᠡ᠃ | ᠬᠤᠶᠠᠷ ᠲᠤ᠂ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠲᠣᠭᠲᠠᠴᠠ ᠶᠢ ᠪᠠᠶᠢᠭᠤᠯᠤᠨ᠎ᠠ᠃ ᠪᠦᠬᠦ | ᠤᠯᠤᠰ ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ | ᠪᠦᠲᠦᠮᠵᠢᠲᠡᠢ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠤᠨ ᠠᠷᠭ᠎ᠠ ᠪᠠᠷᠢᠯ ᠬᠦᠷᠦᠯᠴᠡᠬᠦ ᠦᠭᠡᠢ ᠪᠠᠶᠢᠵᠤ᠂ | ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠢ ᠪᠠᠶᠢᠨ᠎ᠠ᠃ ︽ᠳᠦᠷᠢᠮ︾ ᠳᠤ | ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠬᠡᠷᠡᠭᠴᠡᠭᠡ ᠶᠢ ᠨᠠᠭᠦᠷᠡᠰᠦᠲᠦ᠋ᠷᠦᠭᠴᠢ ᠶᠢᠨ ᠭᠠᠳᠠᠭᠰᠢᠯᠠᠭᠤᠯᠤᠯᠲᠠ ᠶᠢᠨ | ᠶᠡᠷᠦᠩᠬᠡᠢ ᠬᠡᠮᠵᠢᠶ᠎ᠡ ᠪᠠ ᠬᠤᠪᠢᠶᠠᠷᠢᠯᠠᠯᠲᠠ ᠶᠢᠨ ᠲᠥᠰᠥᠯ ᠢ ᠲᠣᠭᠲᠠᠭᠠᠬᠤ ᠶᠢᠨ ᠪᠣᠳᠣᠯᠬᠢᠯᠠᠬᠤ ᠴᠢᠬᠤᠯᠠ ᠬᠦᠴᠦᠨ | ᠵᠦᠢᠯ ᠪᠣᠯᠭᠠᠵᠤ᠂ ᠵᠠᠬ᠎ᠠ ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠥᠷᠨᠢᠭᠦᠯᠦᠨ᠂ ᠵᠠᠬ᠎ᠠ ᠳᠡᠯᠭᠡᠭᠦᠷ ᠤᠨ | ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠰᠢᠭᠦᠯᠵᠦ᠂ ᠨᠠᠭᠦᠷᠡᠰᠦᠲᠦ᠋ᠷᠦᠭᠴᠢ ᠶᠢᠨ ᠦᠨ᠎ᠡ ᠬᠠᠩᠰᠢ ᠶᠢᠨ ᠡᠵᠡᠮᠳᠡᠯ ᠢᠶᠠᠨ | ᠠᠯᠳᠠᠬᠤ ᠵᠡᠷᠭᠡ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠨ ᠬᠤᠷᠢᠭᠯᠠᠵᠤ᠂ ᠨᠠᠭᠦᠷᠡᠰᠦᠲᠦ᠋ᠷᠦᠭᠴᠢ ᠶᠢᠨ ᠵᠠᠬ᠎ᠠ | ᠳᠡᠯᠭᠡᠭᠦᠷ ᠤᠨ ᠡᠷᠡᠭᠦᠯ ᠲᠣᠭᠲᠠᠭᠤᠨ ᠡᠮᠬᠢ ᠵᠢᠷᠤᠮ ᠲᠠᠢ ᠠᠵᠢᠯᠯᠠᠭᠠᠨ ᠢ ᠪᠠᠲᠤᠯᠠᠬᠤ ᠳᠤ ᠬᠠᠤᠯᠢ ᠴᠠᠭᠠᠵᠠ ᠶᠢᠨ | ᠪᠠᠲᠤᠯᠠᠭ᠎ᠠ ᠬᠠᠩᠭᠠᠭᠰᠠᠨ ᠪᠠᠶᠢᠨ᠎ᠠ᠃ | ᠭᠤᠷᠪᠠ ᠳᠤ᠂ ᠠᠷᠠᠯᠵᠢᠶᠠᠨ ᠤ ᠪᠡᠶᠡᠴᠢ ᠴᠣᠭᠴᠠ ᠪᠠ ᠦᠢᠯᠡᠳᠬᠦᠨ ᠢ ᠪᠠᠶᠠᠯᠢᠭᠵᠢᠭᠤᠯᠬᠤ ᠲᠤᠬᠠᠢ ᠲᠣᠭᠲᠠᠭᠠᠯ | ᠭᠠᠷᠭᠠᠪᠠ᠃ ︽ᠳᠦᠷᠢᠮ︾ ᠳᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠬᠠᠮᠤᠷᠬᠤ | ᠬᠦᠯᠡᠮᠵᠢ ᠶᠢᠨ ᠬᠡᠢ ᠪᠡᠶᠡᠲᠦ ᠶᠢᠨ ᠲᠥᠷᠥᠯ ᠵᠦᠢᠯ ᠪᠠ ᠠᠵᠢᠯ ᠲᠥᠷᠥᠯ ᠤᠨ ᠬᠦᠷᠢᠶ᠎ᠡ ᠬᠡᠪᠴᠢᠶ᠎ᠡ ᠶᠢ ᠲᠥᠷᠥ ᠶᠢᠨ | ᠶᠠᠪᠤᠳᠠᠯ ᠤᠨ ᠬᠤᠷᠢᠶᠠᠨ ᠤ ᠠᠮᠢ ᠠᠬᠤᠢ ᠣᠷᠴᠢᠨ ᠲᠣᠭᠤᠷᠢᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠬᠠᠷᠠᠯᠲᠠ ᠶᠢ ᠦᠨᠳᠦᠰᠦᠯᠡᠨ ᠰᠤᠳᠤᠯᠤᠨ ᠳᠤᠷᠠᠳᠴᠤ᠂ ᠲᠥᠷᠥ ᠶᠢᠨ | ᠶᠠᠪᠤᠳᠠᠯ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ︔ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠦᠢᠯᠡᠳᠬᠦᠨ ᠳᠤ ᠨᠠᠭᠦᠷᠡᠰᠦᠲᠦ᠋ᠷᠦᠭᠴᠢ | ᠭᠠᠳᠠᠭᠰᠢᠯᠠᠭᠤᠯᠬᠤ ᠬᠢᠵᠠᠭᠠᠷᠲᠤ ᠲᠤᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ | ᠪᠤᠰᠤᠳ ᠪᠡᠯᠡᠨ ᠪᠠᠷᠠᠭᠠᠨ ᠤ ᠠᠷᠠᠯᠵᠢᠶᠠᠨ ᠤ ᠦᠢᠯᠡᠳᠬᠦᠨ ᠪᠠᠭᠲᠠᠨ᠎ᠠ᠃ | ︽ᠳᠦᠷᠢᠮ︾ ᠳᠤ ᠠᠵᠢᠯ ᠲᠥᠷᠥᠯ ᠤᠨ ᠬᠠᠮᠤᠷᠬᠤ ᠬᠡᠪᠴᠢᠶ᠎ᠡ ᠪᠠ ᠭᠤᠣᠯᠳᠠᠯᠭ᠎ᠠ ᠲᠠᠢ ᠭᠠᠳᠠᠭᠰᠢᠯᠠᠭᠤᠯᠬᠤ | ᠨᠢᠭᠡᠴᠢ ᠶᠢᠨ ᠬᠠᠮᠢᠶ᠎ᠠ ᠪᠦᠬᠦᠢ ᠠᠵᠢᠯ ᠤᠨ ᠲᠠᠰ ᠳᠠᠷᠠᠭᠠᠯᠠᠯ ᠢ ᠲᠣᠭᠲᠠᠭᠠᠬᠤ ᠳᠤ ᠲᠣᠳᠣᠷᠬᠠᠢ ᠲᠣᠭᠲᠠᠭᠠᠯ ᠭᠠᠷᠭᠠᠪᠠ᠃ | ︽ᠮᠠᠨ ᠤ ᠤᠯᠤᠰ ᠤᠨ ᠨᠠᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠭᠤᠣᠯᠳᠠᠭᠤ | ᠴᠠᠬᠢᠯᠭᠠᠨ ᠭᠠᠷᠭᠠᠬᠤ᠂ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ᠂ ᠥᠩᠭᠡᠲᠦ ᠲᠡᠮᠦᠷᠯᠢᠭ᠂ ᠴᠢᠯᠠᠭᠤᠨ ᠲᠣᠰᠣ | ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ᠂ ᠴᠠᠭᠠᠰᠤ ᠬᠢᠬᠦ᠂ ᠠᠭᠠᠷ ᠤᠨ ᠠᠶᠠᠯᠠᠯ ᠵᠡᠷᠭᠡ | ᠭᠤᠣᠯᠳᠠᠯᠭ᠎ᠠ ᠲᠠᠢ ᠠᠵᠢᠯ ᠲᠥᠷᠥᠯ ᠳᠤ ᠲᠥᠪᠯᠡᠷᠡᠭᠦᠯᠵᠦ᠂ ᠪᠦᠬᠦ ᠤᠯᠤᠰ ᠤᠨ ᠨᠠᠭᠦᠷᠡᠰᠦᠲᠦ᠋ᠷᠦᠭᠴᠢ ᠶᠢᠨ ᠳᠠᠪᠬᠤᠷ | ᠢᠰᠦᠯ ᠤᠨ ᠭᠠᠳᠠᠭᠰᠢᠯᠠᠭᠤᠯᠤᠯᠲᠠ ᠶᠢᠨ 75% ᠣᠷᠴᠢᠮ ᠢ ᠡᠵᠡᠯᠡᠵᠦ ᠪᠠᠶᠢᠭ᠎ᠠ ᠪᠣᠯᠬᠤᠷ ᠭᠠᠳᠠᠭᠰᠢᠯᠠᠭᠤᠯᠤᠯᠲᠠ | ᠶᠡᠬᠡᠲᠡᠢ ᠠᠵᠢᠯ ᠲᠥᠷᠥᠯ ᠢ ᠡᠷᠲᠡᠬᠡᠨ ᠵᠠᠬ᠎ᠠ ᠳᠡᠯᠭᠡᠭᠦᠷ ᠲᠤ ᠣᠷᠣᠭᠤᠯᠪᠠᠯ᠂ ᠪᠦᠬᠦ ᠨᠡᠶᠢᠭᠡᠮ ᠤᠨ | ᠨᠠᠭᠦᠷᠡᠰᠦᠲᠦ᠋ᠷᠦᠭᠴᠢ ᠶᠢᠨ ᠳᠠᠪᠬᠤᠷ ᠢᠰᠦᠯ ᠢ ᠪᠠᠭᠤᠷᠠᠭᠤᠯᠬᠤ ᠥᠪᠡᠷ ᠤᠨ ᠥᠷᠲᠡᠭ ᠢ ᠬᠠᠮᠤᠭ ᠤᠨ ᠰᠢᠯᠢᠳᠡᠭ᠂ | ᠬᠠᠮᠤᠭ ᠤᠨ ᠪᠠᠭ᠎ᠠ ᠪᠣᠯᠭᠠᠵᠤ ᠪᠣᠯᠣᠨ᠎ᠠ︾ ᠭᠡᠵᠦ ᠵᠤᠤ ᠶᠢᠩ ᠮᠢᠨ ᠬᠡᠯᠡᠪᠡ᠃ | ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠤᠨ ᠡᠷᠡᠭᠦᠯ | ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠰᠠᠭᠤᠷᠢ ᠮᠥᠨ᠂ ᠨᠠᠭᠦᠷᠡᠰᠦᠲᠦ᠋ᠷᠦᠭᠴᠢ ᠶᠢᠨ ᠵᠠᠬ᠎ᠠ | ᠳᠡᠯᠭᠡᠭᠦᠷ ᠤᠨ ᠠᠮᠢᠨ ᠰᠤᠳᠠᠰᠤ ᠮᠥᠨ᠃ ᠲᠠᠨᠢᠯᠴᠠᠭᠤᠯᠤᠭᠰᠠᠨ ᠢᠶᠠᠷ᠂ ᠨᠠᠭᠦᠷᠡᠰᠦᠲᠦ᠋ᠷᠦᠭᠴᠢ ᠶᠢᠨ ᠵᠠᠬ᠎ᠠ | ᠳᠡᠯᠭᠡᠭᠦᠷ ᠤᠨ ᠭᠠᠳᠠᠭᠰᠢᠯᠠᠭᠤᠯᠤᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠯᠠᠨ ᠳᠡᠭᠡᠭᠰᠢᠯᠡᠭᠦᠯᠬᠦ ᠶᠢᠨ | ᠲᠥᠯᠥᠭᠡ᠂ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ︽ᠤᠯᠤᠰ — ᠮᠤᠵᠢ — | ᠬᠤᠲᠠ︾ ᠭᠤᠷᠪᠠᠨ ᠱᠠᠲᠤ ᠪᠠᠷ ᠬᠤᠯᠪᠤᠭᠠᠯᠠᠨ ᠬᠢᠨᠠᠬᠤ ᠣᠷᠳᠣ ᠬᠤᠭᠤᠴᠠᠭᠠᠨ ᠤ ᠪᠦᠲᠦᠮᠵᠢᠲᠡᠢ ᠠᠵᠢᠯ ᠤᠨ | ᠲᠣᠭᠲᠠᠴᠠ ᠶᠢ ᠪᠠᠶᠢᠭᠤᠯᠵᠤ᠂ ᠲᠣᠮᠣ ᠳ᠋ᠠᠶᠢᠲ᠋ᠠ ᠶᠢᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ | ᠠᠰᠢᠭᠯᠠᠨ ᠨᠡᠪᠲᠡᠷᠬᠡᠢ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢᠨ ᠶᠠᠰᠤ ᠴᠢᠨᠠᠷ ᠢ ᠶᠡᠭᠡ ᠬᠡᠮᠵᠢᠶ᠎ᠡ ᠪᠠᠷ | ᠰᠠᠶᠢᠵᠢᠷᠠᠭᠤᠯᠬᠤ ᠶᠢ ᠪᠡᠶᠡᠯᠡᠭᠦᠯᠵᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠮᠡᠳᠡᠭᠦᠯᠦᠯᠲᠡ ᠶᠢᠨ ᠵᠢᠷᠤᠮᠵᠢᠯᠳᠤ | ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠢᠯᠡᠳᠲᠡ ᠴᠢᠩᠭᠠᠷᠠᠭᠤᠯᠤᠨ᠎ᠠ᠃ | ︽ᠳᠦᠷᠢᠮ︾ ᠨᠢ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠠᠷ | ᠵᠣᠬᠢᠶᠠᠬᠤ ᠶᠢ ︽ᠥᠴᠥᠬᠡᠨ ᠴᠦ ᠠᠭᠤᠴᠢᠯᠠᠬᠤ ᠦᠭᠡᠢ︾ ᠵᠠᠩ ᠶᠢᠩ ᠪᠥᠸᠧ ᠶᠢᠨ ᠲᠠᠨᠢᠯᠴᠠᠭᠤᠯᠤᠭᠰᠠᠨ ᠢᠶᠠᠷ᠂ | ᠭᠤᠣᠯᠳᠠᠯᠭ᠎ᠠ ᠲᠠᠢ ᠭᠠᠳᠠᠭᠰᠢᠯᠠᠭᠤᠯᠬᠤ ᠨᠢᠭᠡᠴᠢ᠂ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠲᠡᠭᠦᠨ ᠤ | ᠠᠵᠢᠯᠲᠠᠨ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠳᠡᠩᠰᠡᠯᠡᠨ ᠲᠡᠮᠳᠡᠭᠯᠡᠬᠦ | ᠪᠠᠶᠢᠭᠤᠯᠤᠮᠵᠢ᠂ ᠠᠷᠠᠯᠵᠢᠶᠠᠨ ᠤ ᠪᠠᠶᠢᠭᠤᠯᠤᠮᠵᠢ ᠶᠢᠨ ᠠᠵᠢᠯᠲᠠᠨ ᠵᠡᠷᠭᠡ ᠶᠢ ᠪᠠᠭᠲᠠᠭᠠᠭᠰᠠᠨ ᠨᠠᠭᠦᠷᠡᠰᠦᠲᠦ᠋ᠷᠦᠭᠴᠢ | ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠳᠤ ᠣᠷᠣᠯᠴᠠᠭᠰᠠᠨ ᠬᠠᠮᠢᠶ᠎ᠠ ᠪᠦᠬᠦᠢ ᠠᠵᠢᠯᠯᠠᠭ᠎ᠠ ᠶᠢᠨ ᠡᠯ᠎ᠡ ᠲᠥᠷᠥᠯ ᠤᠨ | ᠭᠤᠣᠯ ᠴᠣᠭᠴᠠ ᠳᠤ ᠴᠥᠮ ᠬᠠᠤᠯᠢ ᠶᠢ ᠵᠥᠷᠢᠴᠡᠭᠰᠡᠨ ᠲᠣᠳᠣᠷᠬᠠᠢ ᠪᠠᠶᠢᠳᠠᠯ ᠪᠠ ᠬᠠᠤᠯᠢ ᠶᠢᠨ ᠴᠢᠩᠭ᠎ᠠ | ᠬᠠᠷᠢᠭᠤᠴᠠᠯᠭ᠎ᠠ ᠶᠢ ᠲᠣᠭᠲᠠᠭᠠᠵᠠᠢ᠂ ︽ᠶᠠᠮᠠᠷᠪᠠ ᠨᠢᠭᠡᠴᠢ᠂ ᠬᠤᠪᠢ ᠬᠥᠮᠥᠨ ︿ᠳᠦᠷᠢᠮ﹀ ᠢ ᠵᠥᠷᠢᠴᠡᠳᠡᠭ ᠯᠡ ᠶᠤᠮ | ᠪᠣᠯ ᠴᠥᠮ ᠬᠠᠷᠢᠭᠤᠴᠠᠯᠭ᠎ᠠ ᠨᠡᠬᠡᠮᠵᠢᠯᠡᠨ᠎ᠡ︾᠃ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ | ᠳᠤᠮᠳᠠᠬᠢ ᠬᠠᠤᠯᠢ ᠶᠢ ᠵᠥᠷᠢᠴᠡᠭᠰᠡᠨ ᠠᠳᠠᠯᠢ ᠪᠤᠰᠤ ᠦᠢᠯᠡ ᠠᠵᠢᠯᠯᠠᠭ᠎ᠠ ᠳᠤ ᠴᠢᠭᠯᠡᠭᠦᠯᠦᠨ᠂ ︽ᠳᠦᠷᠢᠮ︾ ᠳᠤ | ᠤᠯᠠᠨ ᠶᠠᠩᠵᠤ ᠶᠢᠨ ᠬᠠᠤᠯᠢ ᠴᠠᠭᠠᠵᠠ ᠶᠢᠨ ᠵᠠᠯᠬᠠᠭᠠᠬᠤ ᠠᠷᠭ᠎ᠠ ᠪᠠᠷᠢᠯ ᠢ ᠲᠣᠭᠲᠠᠭᠠᠪᠠ᠂ ᠡᠭᠦᠨ ᠳᠤ ᠰᠡᠷᠡᠮᠵᠢ ᠥᠭᠬᠦ᠂ | ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠤᠭ᠎ᠠ ᠶᠢ ᠬᠠᠷᠭᠤᠭᠤᠯᠤᠨ | ᠪᠠᠭᠠᠰᠬᠠᠬᠤ᠂ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠶᠢ ᠬᠤᠷᠢᠶᠠᠨ ᠠᠪᠬᠤ᠂ ᠵᠣᠭᠤᠰ ᠢᠶᠠᠷ | ᠲᠣᠷᠭᠠᠬᠤ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠢᠷᠢ ᠬᠡᠮ ᠢ ᠬᠦᠴᠦᠨ ᠦᠭᠡᠢ ᠪᠣᠯᠭᠠᠬᠤ᠂ ᠬᠤᠯᠪᠣᠭᠳᠠᠯ | ᠪᠦᠬᠦᠢ ᠲᠤᠬᠠᠶᠢᠯᠠᠭᠰᠠᠨ ᠠᠵᠢᠯ ᠡᠷᠭᠢᠯᠡᠬᠦ ᠶᠢ ᠴᠠᠭᠠᠵᠠᠯᠠᠬᠤ᠂ ᠦᠢᠯᠡᠳᠪᠦᠷᠢᠯᠡᠯ ᠢ ᠨᠢ ᠵᠠᠷᠯᠢᠭᠳᠠᠨ ᠵᠣᠭᠰᠣᠭᠠᠵᠤ | ᠴᠡᠭᠴᠡᠯᠡᠨ ᠵᠠᠰᠠᠬᠤ ᠵᠡᠷᠭᠡ ᠪᠠᠭᠲᠠᠨ᠎ᠠ᠃ ᠬᠦᠨᠳᠦ ᠨᠣᠴᠢᠲᠠᠢ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠬᠦᠨᠳᠦ | ᠡᠷᠡᠭᠦᠦ ᠪᠠᠷ ᠰᠠᠮᠠᠭᠤᠷᠠᠯ ᠢ ᠵᠠᠰᠠᠬᠤ ᠶᠢ ᠪᠠᠷᠢᠮᠲᠠᠯᠠᠵᠤ᠂ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ | ︽ᠪᠢᠳᠡ ︿ᠳᠦᠷᠢᠮ﹀ ᠢ ᠨᠡᠶᠢᠲᠡᠯᠡᠬᠦ ᠪᠠᠷ ᠠᠵᠠ ᠲᠣᠬᠢᠶᠠᠯ ᠪᠣᠯᠭᠠᠵᠤ᠂ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠬᠦ ᠶᠢ ᠴᠢᠨᠠᠭᠰᠢᠳᠠ ᠴᠢᠩᠭᠠᠳᠬᠠᠵᠤ᠂ ᠵᠠᠬ᠎ᠠ | ᠳᠡᠯᠭᠡᠭᠦᠷ ᠤᠨ ᠡᠷᠡᠭᠦᠯ ᠲᠣᠭᠲᠠᠭᠤᠨ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠵᠤ᠂ ᠬᠠᠤᠯᠢ ᠶᠣᠰᠣᠭᠠᠷ ᠬᠠᠮᠢᠶᠠᠷᠴᠤ | ᠵᠢᠷᠤᠮᠵᠢᠭᠤᠯᠤᠨ ᠠᠵᠢᠯᠯᠠᠭᠤᠯᠬᠤ ᠶᠢ ᠴᠢᠩᠳᠠᠯᠠᠵᠤ᠂ ᠨᠠᠭᠦᠷᠡᠰᠦᠲᠦ᠋ᠷᠦᠭᠴᠢ ᠶᠢᠨ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ︾ ᠭᠡᠵᠦ ᠵᠤᠤ ᠶᠢᠩ ᠮᠢᠨ ᠬᠡᠯᠡᠪᠡ᠃ | |