ᠤᠢ ᠰᠢᠭᠤᠢ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠬᠠᠳᠤᠨ ᠭᠤᠣᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/3/19
    ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠠᠮᠢᠯᠠᠨ ᠰᠡᠷᠭᠦᠯ᠎ᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠳᠤᠨ ᠭᠤᠣᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠶᠢᠨ ᠲᠥᠯᠥᠭᠡ᠂ 3 ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠬᠠᠲᠤᠨ ᠭᠤᠤᠯ ᠤᠨ ︽  ᠤᠭᠠᠯᠵᠠ ᠲᠣᠬᠤᠶ︾᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠵᠢᠴᠢ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠳᠠᠶᠢᠴᠢᠯᠠᠯᠲᠠ ᠶᠢᠨ ᠬᠤᠷᠠᠯ ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠳᠤ ᠬᠤᠷᠠᠯᠳᠤᠪᠠ᠃
W020240318567076924385_ORIGIN.jpg
    ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠵᠠᠷᠢᠮ ᠭᠤᠤᠯᠳᠠᠯᠭ᠎ᠠ ᠲᠠᠢ ᠣᠷᠣᠨ ᠪᠦᠰᠡ ᠳᠤ ᠵᠠᠰᠠᠭ ᠵᠠᠬᠢᠷᠭᠠᠨ ᠤ ᠣᠷᠣᠨ ᠪᠦᠰᠡ ᠶᠢᠨ ᠵᠠᠭᠠᠭ ᠬᠢᠵᠠᠭᠠᠷ ᠢ ᠡᠪᠳᠡᠨ᠂ ᠤᠷᠭᠤᠮᠠᠯ ᠤᠨ ᠬᠤᠴᠢᠯᠭ᠎ᠠ ᠶᠢᠨ ᠣᠳᠣᠬᠢ ᠪᠠᠶᠢᠳᠠᠯ ᠪᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠤᠰᠤ ᠪᠠᠷ ᠨᠤᠭᠤᠭᠠᠷᠠᠭᠤᠯᠤᠯᠳᠠ ᠶᠢ ᠠᠬᠢᠭᠤᠯᠬᠤ ᠶᠢ ᠪᠠᠷᠢᠮᠲᠠᠯᠠᠨ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠬᠠᠲᠤᠨ ᠭᠤᠤᠯ ᠤᠨ ᠮᠤᠷᠤᠢ ᠲᠤᠬᠤᠢ ᠶᠢᠨ ᠪᠡᠷᠬᠡ ᠰᠡᠳᠦᠪ  ᠰᠢᠢᠳᠪᠦᠷᠢᠯᠡᠬᠦ ᠲᠡᠶᠢᠨ ᠢ ᠬᠠᠮᠲᠤ ᠪᠠᠷ ᠰᠠᠶᠢᠲᠤᠷ ᠬᠢᠨ᠎ᠠ ᠃ ᠬᠤᠷᠠᠯ ᠳᠡᠭᠡᠷ᠎ᠡ᠂ ᠪᠠᠶᠠᠨᠨᠠᠭᠤᠷ ᠬᠤᠳᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠠᠯᠠᠱᠠ ᠠᠶᠢᠮᠠᠭ ᠵᠡᠷᠭᠡ 5 ᠠᠶᠢᠮᠠᠭ ᠬᠤᠳᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠤᠮᠠᠷᠠᠲᠤ ᠶᠢᠨ ᠭᠤᠷᠪᠠᠨ ᠣᠷᠣᠨ﹀᠎ ᠤ ᠢᠨᠵᠧᠨᠧᠷᠢᠩ ᠤᠨ ᠬᠠᠳᠤᠨ ᠭᠤᠣᠯ ᠤᠨ ︿  ᠤᠭᠠᠯᠵᠠ ᠲᠣᠬᠤᠶ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ 2025 ᠣᠨ ᠪᠣᠯᠬᠤ ᠳᠤ ᠂ ᠲᠠᠪᠤᠨ ᠠᠶᠢᠮᠠᠭ ᠬᠤᠳᠠ ᠶᠢᠨ ᠬᠢᠯᠢ ᠠᠯᠤᠰᠯᠠᠭᠰᠠᠨ ᠣᠷᠣᠨ ᠪᠦᠰᠡ ᠶᠢᠨ ᠴᠦᠯᠯᠡᠷᠭᠡᠭᠵᠢᠭᠰᠡᠨ ᠭᠠᠵᠠᠷ ᠰᠢᠷᠣᠢ ᠪᠣᠯᠤᠨ ᠬᠠᠳᠤᠨ ᠭᠤᠣᠯ ᠤᠨ ᠡᠷᠭᠢ ᠳᠠᠭᠠᠤ ᠨᠡᠭᠦᠳᠡᠯ ᠡᠯᠡᠰᠦ ᠶᠢ ᠪᠦᠲᠦᠮᠵᠢᠲᠡᠢ ᠵᠠᠰᠠᠨ᠎ᠠ︔ 2030 ᠣᠨ ᠪᠣᠯᠬᠤ ᠳᠤ᠂ ᠲᠠᠪᠤᠨ ᠠᠶᠢᠮᠠᠭ ᠬᠤᠲᠠ ᠶᠢᠨ ᠬᠢᠯᠢ ᠠᠯᠤᠰᠯᠠᠭᠰᠠᠨ ᠣᠷᠣᠨ ᠪᠦᠰᠡ ᠶᠢᠨ ᠴᠦᠯᠯᠡᠷᠭᠡᠭᠵᠢᠭᠰᠡᠨ ᠭᠠᠵᠠᠷ ᠰᠢᠷᠣᠶ ᠶᠢᠨ ᠬᠥᠪᠡᠭᠡ ᠵᠠᠬ᠎ᠠ ᠶᠢ ᠪᠢᠲᠡᠭᠦᠮᠵᠢᠯᠡᠬᠦ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠭᠤᠤᠯ ᠪᠣᠯᠬᠤ ᠰᠠᠯᠬᠢᠨ ᠤ ᠠᠮᠠ᠂ ᠡᠯᠡᠰᠦᠨ ᠤ ᠡᠬᠢ ᠭᠠᠵᠠᠷ ᠪᠠ ᠬᠠᠲᠤᠨ ᠭᠤᠤᠯ ᠤᠨ ᠡᠷᠭᠢ ᠳᠠᠭᠠᠤ ᠨᠡᠭᠦᠳᠡᠯ ᠡᠯᠡᠰᠦ ᠶᠢ ᠪᠥᠬᠦ ᠲᠠᠯ᠎ᠠ ᠪᠠᠷ ᠵᠠᠰᠠᠨ᠎ᠠ᠃ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠲᠣᠭᠤᠷᠢᠭ ᠤᠨ ᠬᠢᠨ ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠪᠣᠯᠤᠨ ︽ᠮᠣᠩᠭᠤᠯ ᠮᠤᠷᠢᠨ ᠤ ᠵᠣᠷᠢᠭ ᠰᠠᠨᠠᠭ᠎ᠠ︾᠎ ᠶᠢ ᠶᠡᠭᠡ ᠪᠠᠷ ᠪᠠᠳᠠᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ︽ᠬᠥᠪᠴᠢ ᠶᠢᠨ ᠵᠠᠭᠪᠤᠷ︾ ᠪᠣᠯᠤᠨ ︽ᠮᠤᠤᠠᠤᠰᠤ ᠶᠢᠨ ᠲᠤᠷᠰᠢᠯᠭ᠎ᠠ︾᠎ ᠶᠢ ᠦᠷᠭᠦᠯᠵᠢᠯᠡᠨ ᠳ᠋ᠦᠩᠨᠡᠨ ᠳᠡᠯᠭᠡᠷᠡᠭᠦᠯᠵᠦ᠂ ᠳᠡᠯᠡᠬᠡᠢ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ ᠶᠢᠨ ᠦᠯᠢᠭᠡᠷ ᠳᠠᠭᠤᠷᠢᠶᠠᠯ ᠢ ᠴᠢᠷᠮᠠᠶᠢᠨ ᠪᠤᠢ ᠪᠣᠯᠭᠠᠨ᠎ᠠ᠃
W020240318567077025934.jpg
     ᠬᠤᠷᠠᠯ ᠳᠡᠭᠡᠷ᠎ᠡ᠂ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠳᠠᠶᠢᠴᠢᠯᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ 3 ᠰᠠᠷ᠎ᠠ ᠠᠴᠠ 10 ᠰᠠᠷ᠎ᠠ ᠪᠣᠯᠲᠠᠯ᠎ᠠ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ᠂ ︽ᠭᠤᠷᠪᠠ ᠥᠬᠡᠶ︾ ᠦᠢᠯᠡᠳᠪᠦᠷᠢᠯᠡᠯ ᠡᠵᠡᠩᠨᠡᠯᠲᠡ ᠶᠢᠨ  ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ᠂ ᠦᠷ᠎ᠡ ᠴᠢᠬᠢ ᠶᠢᠨ ᠣᠷᠣᠨ ᠪᠦᠰᠡ ᠠᠯᠤᠰᠯᠠᠨ ᠰᠢᠯᠵᠢᠭᠦᠯᠦᠨ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠦᠷ᠎ᠡ ᠶᠢ ᠬᠠᠤᠯᠢ ᠪᠤᠰᠤ ᠪᠠᠷ ᠲᠡᠭᠦᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠵᠡᠷᠭᠡ ᠪᠠᠷ ᠭᠤᠤᠯᠳᠠᠯᠭ᠎ᠠ ᠪᠣᠯᠭᠠᠵᠤ᠂ ᠠᠵᠢᠯ ᠲᠥᠷᠥᠯ ᠤᠨ ᠭᠠᠭᠴᠠᠭᠠᠷ ᠡᠵᠡᠮᠰᠢᠬᠦ᠂ ᠬᠤᠨᠵᠢᠨ ᠵᠠᠪᠰᠢᠬᠤ᠂ ᠮᠠᠭᠤ ᠪᠠᠷ ᠰᠠᠶᠢᠨ ᠢ ᠣᠷᠣᠯᠠᠭᠤᠯᠬᠤ᠂ ᠬᠠᠭᠤᠷᠮᠠᠭ ᠢᠶᠠᠷ ᠵᠢᠩᠬᠢᠨᠢ ᠶᠢ ᠣᠷᠣᠯᠠᠭᠤᠯᠬᠤ ᠵᠡᠷᠭᠡ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ᠣᠶ ᠮᠣᠳᠣᠨ ᠤ ᠰᠠᠶᠢᠨ ᠡᠭᠦᠯᠳᠡᠷ ᠪᠠ ᠡᠪᠡᠰᠦᠨ ᠤ ᠲᠥᠷᠥᠯ ᠵᠦᠢᠯ ᠢ ᠬᠢᠨᠠᠬᠤ ᠥᠬᠡᠶ ᠪᠠᠷ ᠤᠷᠢᠳᠠᠪᠠᠷ ᠳᠡᠯᠭᠡᠷᠡᠭᠦᠯᠬᠦ᠂ ᠬᠤᠳᠠᠯ ᠬᠠᠭᠤᠷᠮᠠᠭ ᠢᠶᠠᠷ ᠤᠬᠠᠭᠤᠯᠬᠤ ᠵᠢᠴᠢ ᠤᠷᠭᠤᠮᠠᠯ ᠤᠨ ᠰᠢᠨ᠎ᠡ ᠲᠥᠷᠥᠯ ᠵᠦᠢᠯ ᠤᠨ ᠡᠷᠬᠡ ᠳᠤ ᠬᠠᠯᠳᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠭᠦ ᠥᠬᠡᠶ ᠣᠶ ᠮᠣᠳᠣᠨ ᠤ ᠦᠷ᠎ᠡ ᠴᠢᠬᠢ ᠪᠠ ᠡᠪᠡᠰᠦᠨ ᠦᠷ᠎ᠡ ᠦᠢᠯᠡᠳᠪᠦᠷᠢᠯᠡᠵᠦ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠬᠡᠪᠴᠢᠶ᠎ᠡ ᠪᠠ ᠬᠦᠴᠦᠨ ᠲᠠᠢ ᠬᠤᠭᠤᠴᠠᠭ᠎ᠠ ᠠᠴᠠ ᠬᠡᠲᠦᠷᠡᠭᠦᠯᠦᠨ ᠦᠢᠯᠡᠳᠪᠦᠷᠢᠯᠡᠵᠦ ᠡᠵᠡᠩᠨᠡᠬᠦ ᠶᠢ ᠴᠢᠩᠭ᠎ᠠ ᠴᠠᠭᠠᠵᠠᠯᠠᠵᠤ᠂ ᠬᠠᠤᠯᠢ ᠶᠣᠰᠣᠨ ᠤ ᠡᠵᠡᠩᠨᠡᠯᠲᠡ ᠶᠢᠨ ᠰᠠᠶᠢᠨ ᠰᠠᠶᠢᠬᠠᠨ ᠤᠷᠴᠢᠨ ᠲᠤᠭᠤᠷᠢᠨ ᠢ ᠪᠠᠶᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠠᠮᠢᠳᠤ ᠪᠣᠳᠠᠰ ᠤᠨ ᠰᠤᠳᠤᠯᠤᠯ ᠤᠨ ᠣᠨᠴᠠᠯᠢᠭ ᠪᠣᠯᠤᠨ ᠥᠰᠥᠯᠲᠡ ᠶᠢᠨ ᠵᠢᠮ᠎ᠡ ᠶᠣᠰᠣ ᠠᠴᠠ ᠵᠥᠷᠢᠴᠡᠭᠰᠡᠨ ᠠᠮᠢ ᠠᠬᠤᠶ ᠶᠢᠨ ᠣᠷᠣᠨ ᠪᠦᠰᠡ ᠠᠯᠤᠰᠯᠠᠨ ᠴᠢᠬᠢ ᠰᠢᠯᠵᠢᠭᠦᠯᠬᠦ᠂  ᠰᠣᠬᠤᠷ ᠪᠠᠯᠠᠶ ᠪᠠᠷ ᠦᠷ᠎ᠡ ᠣᠷᠣᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠤᠮᠠᠷᠠᠲᠤ ᠶᠢᠨ ᠭᠤᠷᠪᠠᠨ ᠤᠷᠤᠨ︾᠎ ᠎ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠳᠤ ᠦᠷ᠎ᠡ ᠴᠢᠬᠢ ᠶᠢᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠠᠶᠢᠭᠤᠯᠤᠨ᠎ᠠ᠃
W020240318567077061421.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号