ᠬᠢᠩᠭᠠᠨ ᠵᠠᠮᠤᠷ ( ᠨᠣᠬᠠᠢ ᠬᠤᠰᠢᠭᠤ )
ᠨᠡᠶᠢᠲᠡᠯᠡᠭᠰᠡᠨ ᠴᠠᠭ᠄
2024/3/19
      ᠳᠤᠮᠳᠠᠰᠠᠭ ᠪᠤᠲᠠ ᠮᠣᠳᠣ᠃ ᠣᠢ ᠮᠣᠳᠣᠨ ᠤ ᠳᠣᠭᠤᠤᠷ᠂ ᠣᠢ ᠶᠢᠨ ᠭᠥᠪᠡᠭᠡ ᠵᠢᠴᠢ ᠴᠢᠯᠠᠭᠤᠯᠢᠭ ᠠᠭᠤᠯᠠᠨ ᠬᠥᠳᠥᠯ ᠭᠠᠵᠠᠷ ᠢᠶᠠᠷ ᠣᠷᠭᠤᠵᠤ᠂ ᠭᠤᠣᠯ ᠤᠨ ᠬᠥᠪᠡᠭᠡᠨ ᠤ ᠡᠯᠡᠰᠦᠷᠬᠡᠭ ᠭᠠᠵᠠᠷ ᠢᠶᠠᠷ ᠪᠠᠰᠠ ᠬᠠᠷᠠᠭᠳᠠᠵᠤ᠂ ᠠᠭᠤᠯᠠᠷᠬᠠᠭ ᠭᠠᠵᠠᠷ ᠤᠨ ᠪᠤᠲᠠ ᠰᠦᠭᠡᠭ ᠤᠨ ᠴᠤᠭᠴᠠᠯᠠᠭᠴᠢ ᠳᠦᠷᠰᠦ ᠪᠤᠶᠤ ᠵᠣᠩᠬᠢᠯᠠᠬᠤ ᠳᠦᠷᠰᠦ ᠪᠣᠯᠳᠠᠭ᠃ ᠮᠠᠨ ᠤ ᠣᠷᠣᠨ ᠤ ᠬᠢᠩᠭᠠᠨ ᠤ ᠬᠤᠶᠢᠲᠤ ᠬᠡᠰᠡᠭ᠂ ᠬᠢᠩᠭᠠᠨ ᠤ ᠡᠮᠦᠨᠡᠲᠦ ᠬᠡᠰᠡᠭ᠂ ᠳᠠᠪᠠᠭᠠᠨ ᠤ ᠪᠠᠷᠠᠭᠤᠨ ᠲᠣᠭᠤᠷᠢᠭ᠂ ᠯᠢᠶᠣᠤ ᠾᠧ ᠭᠤᠣᠯ ᠤᠨ ᠲᠠᠯ᠎ᠠ ᠭᠠᠵᠠᠷ᠂ ᠬᠤᠷᠴᠢᠨ ᠲᠣᠭᠤᠷᠢᠭ᠂ ᠤᠯᠠᠭᠠᠨ᠋ᠠᠲᠠ ᠶᠢᠨ ᠲᠤᠪᠤ ᠳᠣᠪᠣᠷᠴᠠᠭ᠂ ᠶᠭᠱᠠᠨ ᠠᠭᠤᠯᠠᠨ ᠤ ᠬᠤᠶᠢᠲᠤ ᠬᠡᠰᠡᠭ᠂ ᠭᠦᠯᠦᠨ ᠪᠤᠶᠢᠷ— ᠰᠢᠯᠢ ᠶᠢᠨ ᠭᠤᠣᠯ ᠤᠨ ᠥᠨᠳᠦᠷᠯᠢᠭ ᠎ ᠤᠨ ᠵᠡᠭᠦᠨ ᠬᠡᠰᠡᠭ ᠪᠠ ᠡᠮᠦᠨᠡᠲᠦ ᠬᠡᠰᠡᠭ᠂ ᠤᠯᠠᠭᠠᠨᠴᠠᠪ ᠲᠣᠭᠤᠷᠢᠭ ᠤᠨ ᠡᠮᠦᠨᠡᠲᠦ ᠬᠡᠰᠡᠭ ᠤᠨ ᠲᠤᠪᠤ ᠳᠣᠪᠣᠷᠴᠠᠭ᠂ ᠮᠤᠨᠢ ᠠᠭᠤᠯᠠ ᠶᠢᠨ ᠲᠣᠭᠤᠷᠢᠭ᠂ ᠠᠯᠠᠱᠠ ᠠᠭᠤᠯᠠ ᠶᠢᠨ ᠲᠣᠭᠤᠷᠢᠭ ᠢᠶᠠᠷ ᠣᠷᠭᠤᠯᠲᠠ ᠲᠠᠢ᠃ ᠮᠠᠨ ᠤ ᠤᠯᠤᠰ ᠎ ᠤᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢᠶᠠᠷ ᠲᠠᠷᠬᠠᠨ᠂ ᠤᠷᠤᠰ ᠤᠨ ᠰᠢᠪᠧᠷᠢᠶ᠎ᠡ ᠪᠣᠯᠣᠨ ᠠᠯᠤᠰ ᠳᠤᠷᠤᠨᠠᠲᠤ᠂ ᠰᠣᠯᠣᠩᠭᠤᠰ ᠤᠨ ᠬᠤᠶᠢᠲᠤ ᠬᠡᠰᠡᠭ ᠢᠶᠠᠷ ᠪᠠᠰᠠ ᠲᠠᠷᠬᠠᠵᠤ ᠪᠠᠶᠢᠳᠠᠭ᠃ ᠵᠢᠮᠢᠰ ᠲᠤᠨᠢ ᠣᠯᠠᠨ ᠵᠦᠢᠯ ᠎ ᠤᠨ ᠸᠢᠲ᠋ᠠᠮᠢᠨ ᠠᠭᠤᠯᠬᠤ ᠲᠤᠯᠠ ᠵᠢᠮᠢᠰ ᠤᠨ ᠡᠭᠡᠳᠡᠩ ᠪᠣᠯᠣᠨ ᠠᠷᠢᠬᠢ ᠨᠠᠷᠠᠵᠤ ᠪᠣᠯᠳᠠᠭ᠃ ᠴᠡᠴᠡᠭ ᠠᠴᠠ ᠨᠢ ᠠᠩᠭᠢᠯᠤᠮ᠎ᠠ ᠲᠣᠰᠣ ᠠᠪᠤᠨ᠎ᠠ᠂ ᠦᠨᠳᠦᠰᠦ᠂ ᠡᠰᠢ ᠶᠢᠨ ᠬᠠᠯᠢᠰᠤ ᠪᠣᠯᠣᠨ ᠨᠡᠪᠴᠢ ᠠᠴᠠ ᠨᠢ ᠡᠯᠳᠡᠭᠦᠷᠢ ᠶᠢᠨ ᠴᠠᠪᠠᠤ ᠭᠠᠷᠭᠠᠨ ᠠᠪᠴᠪ᠊ ᠪᠣᠯᠣᠨ᠎ᠠ᠃ ᠴᠡᠴᠡᠭ ᠵᠢᠮᠢᠰ ᠨᠢ ᠡᠮ ᠳᠤ ᠣᠷᠣᠨ᠎ᠠ᠂ ᠦᠨᠳᠦᠰᠦ ᠨᠢ ᠭᠤᠣᠯᠳᠠᠭᠤ ᠤᠳᠠᠭᠠᠨ ᠴᠢᠨᠠᠷᠲᠠᠢ ᠰᠠᠯᠪᠤᠷᠢ ᠮᠥᠭᠡᠷᠰᠦᠨ ᠬᠤᠭᠤᠯᠠᠢ ᠶᠢᠨ ᠦᠷᠪᠢᠰᠦᠯ᠂ ᠭᠡᠳᠡᠰᠦᠨ ᠤ ᠦᠷᠪᠢᠰᠦᠯ᠂ ᠠᠵᠢᠯᠯᠠᠭᠠᠨ ᠤ ᠴᠢᠨᠠᠷᠲᠠᠢ ᠬᠡᠦᠬᠡᠨ ᠬᠡᠪᠲᠡᠰᠢ ᠠᠴᠠ ᠴᠢᠰᠤ ᠭᠠᠷᠬᠤ᠂ ᠣᠶᠢᠴᠢᠵᠤ ᠳᠣᠰᠤᠭᠰᠠᠨ ᠰᠢᠷᠬ᠎ᠠ ᠵᠡᠷᠭᠡ ᠶᠢ ᠵᠠᠰᠠᠨ᠎ᠠ᠃
qiutiandecimeiguo_7784585.jpg.285.jpg 
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号