ᠣᠯᠠᠪᠣᠷ ᠮᠣᠭᠠᠢ ᠶᠢᠨ ᠢᠳᠡᠭᠡ
ᠨᠡᠶᠢᠲᠡᠯᠡᠭᠰᠡᠨ ᠴᠠᠭ᠄
2024/3/19
      ᠣᠯᠠᠨ ᠨᠠᠰᠤᠲᠤ ᠡᠪᠡᠰᠦᠯᠢᠭ ᠭᠠᠩᠰᠠᠭ ᠳᠤᠮᠳᠠᠰᠠᠭ ᠤᠷᠭᠤᠮᠠᠯ᠃ ᠴᠢᠯᠠᠭᠤᠯᠢᠭ ᠠᠭᠤᠯᠠᠨ ᠳᠠᠬᠢ ᠰᠡᠶᠢᠷᠡᠭ ᠣᠢ᠂ ᠪᠤᠲᠡ ᠰᠦᠭᠡᠭ᠂ ᠣᠢ ᠳᠠᠬᠢ ᠨᠤᠭᠤ ᠵᠢᠴᠢ ᠨᠤᠭᠤ ᠪᠡᠯᠴᠢᠭᠡᠷ ᠵᠶᠷ ᠣᠷᠭᠤᠵᠤ᠂ ᠵᠠᠷᠢᠮ ᠳᠠᠭᠠᠨ ᠲᠠᠭᠠᠯᠳᠤᠬᠤ ᠳᠦᠷᠰᠦ ᠪᠣᠯᠳᠠᠭ᠃ ᠮᠠᠨ ᠤ ᠣᠷᠣᠨ ᠬᠢᠩᠭᠠᠨ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠣᠭᠤᠷᠢᠭ᠂ ᠳᠠᠪᠠᠭᠠᠨ ᠎ ᠤ ᠵᠡᠭᠦᠨ ᠲᠣᠭᠤᠷᠢᠭ᠂ ᠬᠢᠩᠭᠠᠨ ᠤ ᠡᠮᠦᠨᠡᠲᠦ ᠬᠡᠰᠡᠭ᠂ ᠯᠢᠶᠣᠦ ᠾᠧ ᠭᠤᠣᠯ ᠤᠨ ᠲᠠᠯ᠎ᠠ ᠭᠠᠵᠠᠷ᠂ ᠬᠤᠷᠴᠢᠨ ᠲᠣᠭᠤᠷᠢᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ— ᠰᠢᠯᠢ ᠶᠢᠨ ᠭᠤᠣᠯ ᠤᠨ ᠥᠨᠳᠦᠷᠯᠢᠭ᠂ ᠮᠤᠨᠢ ᠠᠭᠤᠯᠠ ᠶᠢᠨ ᠲᠣᠭᠤᠷᠢᠭ᠂ ᠮᠤᠨᠢ ᠠᠭᠤᠯᠠ ᠶᠢᠨ ᠥᠪᠥᠷ ᠲᠠᠬᠢ ᠲᠤᠪᠤ ᠳᠣᠪᠣᠷᠴᠠᠭ ᠢᠶᠠᠷ ᠤᠷᠭᠤᠯᠲᠠ ᠲᠠᠢ᠃ ᠮᠠᠨ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠳᠤᠮᠳᠠᠳᠤ ᠣᠷᠣᠨ ᠵᠢᠴᠢ ᠪᠠᠷᠠᠭᠤᠨ ᠬᠤᠶᠢᠲᠤ ᠣᠷᠣᠨ ᠢᠶᠠᠷ ᠲᠠᠷᠬᠠᠨ᠂ ᠮᠣᠩᠭᠤᠯ ᠤᠯᠤᠰ᠂ ᠤᠷᠤᠰ ᠤᠨ ᠰᠢᠪᠧᠷᠢᠶ᠎ᠠ ᠪᠣᠯᠣᠨ ᠠᠯᠤᠰ ᠳᠣᠷᠣᠨᠠᠲᠤ᠂ ᠱᠣᠯᠣᠩᠭᠤᠰ᠂ ᠶᠠᠫᠤᠨ ᠢᠶᠠᠷ ᠪᠠᠰᠠ ᠲᠠᠷᠬᠠᠵᠤ ᠪᠠᠶᠢᠳᠠᠭ᠃ ᠦᠨᠳᠦᠰᠦ ᠠᠴᠠ ᠨᠢ ᠡᠯᠳᠡᠭᠦᠷᠢ ᠶᠢᠨ ᠴᠠᠪᠠᠤ ᠢᠯᠭᠠᠷᠠᠭᠤᠯᠤᠨ ᠠᠪᠳᠠᠭ᠃ ᠦᠨᠳᠦᠰᠦ ᠪᠣᠯᠣᠨ ᠪᠦᠭᠦᠯᠢ ᠡᠪᠡᠰᠦ ᠨᠢ ᠡᠮ ᠳᠤ ᠣᠷᠣᠵᠤ᠂ ᠭᠤᠣᠯᠳᠠᠭᠤ ᠡᠯ᠎ᠡ ᠵᠦᠢᠯ ᠤᠨ ᠴᠢᠰᠤᠨ ᠤ ᠡᠪᠡᠳᠴᠢᠨ᠂ ᠵᠢᠷᠦᠬᠡ ᠪᠠᠵᠠᠯᠠᠬᠤ᠂ ᠨᠣᠶᠢᠷ ᠬᠤᠯᠵᠢᠬᠤ ᠵᠡᠷᠭᠡ ᠶᠢ ᠵᠡᠰᠠᠨ᠎ᠠ᠃ ᠭᠠᠳᠠᠷ ᠬᠡᠷᠡᠭᠯᠠᠬᠦ ᠳᠤ ᠭᠤᠣᠯᠳᠠᠭᠤ ᠣᠶᠢᠴᠢᠵᠤ ᠲᠣᠰᠣᠭᠰᠠᠨ ᠰᠢᠷᠬ᠎ᠠ᠂ ᠭᠠᠳᠠᠷ ᠰᠢᠷᠬᠠᠨ ᠠᠴᠠ ᠴᠢᠰᠤ ᠭᠠᠷᠬᠤ᠂ ᠬᠠᠯᠠᠭᠠᠵᠤ ᠰᠢᠳᠠᠭᠠᠭᠰᠠᠨ ᠰᠢᠷᠬ᠎ᠠ᠂ ᠬᠠᠳᠠᠭᠢ᠂ ᠶᠡᠷ᠎ᠠ ᠵᠡᠷᠭᠡ ᠶᠢ ᠵᠠᠰᠠᠨ᠎ᠠ᠃
2.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号