ᠥᠨᠥ ᠵᠢᠯ᠂ ᠪᠠᠶᠠᠨᠨᠠᠭᠤᠷ ᠬᠤᠲᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ | ᠵᠠᠰᠠᠬᠤ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠂ ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ | ᠴᠠᠬᠢᠯᠭᠠᠨ ᠢᠶᠠᠷ᠂ 11.28 ᠲᠦᠮᠡᠨ ᠮᠦ ᠶᠢ ᠭᠡᠷᠡᠯᠴᠢ ᠴᠡᠨᠡᠭ ᠢᠶᠠᠷ ᠵᠠᠰᠠᠨ᠎ᠠ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠪᠠᠶᠠᠨᠨᠠᠭᠤᠷ ᠬᠤᠲᠠ ᠳᠤ 480 ᠲᠦᠮᠡᠨ ᠺᠢᠯᠣᠸᠠᠲ ᠤᠨ | ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ ᠡᠨᠧᠷᠭᠢ ᠶᠢᠨ ᠭᠦᠢᠴᠡᠳᠬᠡᠯ ᠲᠤᠭ᠎ᠠ ᠬᠤᠪᠢᠶᠠᠷᠢᠯᠠᠨ ᠥᠭᠴᠡᠢ᠂ | ᠡᠭᠦᠨ ᠳᠤ᠂ 330 ᠲᠦᠮᠡᠨ ᠺᠢᠯᠣᠸᠠᠲ ᠤᠨ ᠭᠡᠷᠡᠯᠴᠢ ᠴᠡᠨᠡᠭ᠂ 150 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠪᠣᠯᠤᠨ᠎ᠠ᠃ ᠭᠡᠷᠡᠯᠴᠢ ᠴᠡᠨᠡᠭ ᠬᠢᠭᠡᠳ ᠰᠠᠯᠬᠢᠨ ᠬᠦᠴᠦᠨ ᠤ ᠴᠠᠬᠢᠯᠭᠠᠨ ᠤ ᠲᠦᠰᠦᠯ ᠢᠶᠠᠷ | ᠲᠣᠰ ᠪᠦᠷᠢ 1200 ᠮᠦ / ᠲᠦᠮᠡᠨ ᠺᠢᠯᠣᠸᠠᠲ ᠪᠠ 2000 ᠮᠦ / ᠲᠦᠮᠡᠨ ᠺᠢᠯᠣᠸᠠᠲ ᠠᠴᠠ ᠳᠡᠭᠡᠭᠰᠢ | ᠡᠯᠡᠰᠦᠵᠢᠭᠰᠡᠨ ᠭᠠᠵᠠᠷ ᠰᠢᠷᠣᠢ ᠶᠢ ᠵᠠᠰᠠᠬᠤ ᠱᠠᠭᠠᠷᠳᠠᠯᠭ᠎ᠠ ᠶᠣᠰᠣᠭᠠᠷ ᠪᠣᠯ ᠪᠠᠶᠠᠨᠨᠠᠭᠤᠷ ᠬᠤᠲᠠ ᠨᠡᠶᠢᠲᠡ 69.6 | ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠬᠦ ᠴᠢᠬᠤᠯᠠᠲᠠᠢ᠂ ᠡᠭᠦᠨ ᠳᠤ | 39.6 ᠲᠦᠮᠡᠨ ᠮᠦ ᠶᠢ ᠭᠡᠷᠡᠯᠴᠢ ᠴᠡᠨᠡᠭ ᠢᠶᠠᠷ᠂ 30 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ | ᠵᠠᠰᠠᠨ᠎ᠠ᠃ ᠥᠨᠥ ᠵᠢᠯ᠂ ᠪᠠᠶᠠᠨᠨᠠᠭᠤᠷ ᠬᠤᠲᠠ ᠨᠢ 150 ᠲᠦᠮᠡᠨ ᠺᠢᠯᠣᠸᠠᠲ ᠤᠨ ᠡᠨᠧᠷᠭᠢ ᠶᠢᠨ ᠭᠦᠢᠴᠡᠳᠬᠡᠯ | ᠲᠤᠭ᠎ᠠ ︵ᠡᠭᠦᠨ ᠳᠤ᠂ 94 ᠲᠦᠮᠡᠨ ᠺᠢᠯᠣᠸᠠᠲ ᠭᠡᠷᠡᠯᠴᠢ ᠴᠡᠨᠡᠭ᠂ 56 ᠲᠦᠮᠡᠨ ᠺᠢᠯᠣᠸᠠᠲ ᠰᠠᠯᠬᠢᠨ ᠬᠦᠴᠦᠨ ᠤ | ᠴᠠᠬᠢᠯᠭᠠᠨ︶ ᠶᠢ ᠪᠡᠶᠡᠯᠡᠭᠦᠯᠬᠦ ᠪᠠ 22.48 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ | ︵ᠡᠭᠦᠨ ᠳᠤ᠂ 11.2 ᠲᠦᠮᠡᠨ ᠮᠦ ᠶᠢ ᠰᠠᠯᠬᠢᠨ ᠬᠦᠴᠦᠨ ᠤ ᠴᠠᠬᠢᠯᠭᠠᠨ ᠢᠶᠠᠷ᠂ 11.28 ᠲᠦᠮᠡᠨ ᠮᠦ ᠶᠢ | ᠭᠡᠷᠡᠯᠴᠢ ᠴᠡᠨᠡᠭ ᠢᠶᠠᠷ ᠵᠠᠰᠠᠬᠤ︶ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠪᠠᠶᠠᠨᠨᠠᠭᠤᠷ ᠬᠤᠲᠠ ᠨᠢ | ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠤᠨ ᠵᠠᠰᠠᠬᠤ ᠢᠨᠵᠧᠨᠧᠷᠢᠩ ᠢ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠲᠠᠢ ᠤᠶᠠᠯᠳᠤᠭᠤᠯᠤᠨ᠂ ᠤᠯᠠᠭᠠᠨᠪᠤᠬ᠎ᠠ ᠶᠢᠨ ᠡᠯᠡᠰᠦ ᠪᠠᠷ | ᠭᠤᠣᠯ᠂ ᠰᠦᠵᠢ ᠶᠢᠨ ᠡᠯᠡᠰᠦ ᠪᠠᠷ ᠳᠠᠭᠠᠯᠲᠠ ᠪᠣᠯᠭᠠᠨ ᠭᠡᠷᠡᠯᠴᠢ ᠴᠡᠨᠡᠭ ᠤᠨ ᠣᠷᠣᠨ ᠢ ᠪᠠᠶᠢᠷᠢᠰᠢᠯᠠᠭᠤᠯᠵᠤ᠂ | ᠤᠷᠠᠳ ᠤᠨ ᠲᠠᠯ᠎ᠠ ᠨᠤᠲᠤᠭ ᠢᠶᠠᠷ ᠭᠤᠣᠯ ᠪᠣᠯᠭᠠᠨ ᠰᠠᠯᠬᠢᠨ ᠬᠦᠴᠦᠨ ᠤ ᠴᠠᠬᠢᠯᠭᠠᠨ ᠤ ᠣᠷᠣᠨ ᠢ ᠪᠠᠶᠢᠷᠢᠰᠢᠯᠠᠭᠤᠯᠵᠤ | ᠂ ᠪᠠᠶᠠᠨ᠋ᠦ᠌ᠨᠳᠦᠷ ᠡᠯᠡᠰᠦ ᠪᠠᠷ ᠭᠤᠣᠯ᠂ ᠪᠤᠰᠤᠳ ᠣᠷᠣᠨ ᠪᠦᠰᠡ ᠶᠢᠨ ᠬᠡᠰᠡᠭ ᠪᠤᠰᠠᠭ ᠡᠯᠡᠰᠦᠷᠬᠡᠭ ᠭᠠᠵᠠᠷ ᠢᠶᠠᠷ | ᠳᠠᠭᠠᠯᠲᠠ ᠪᠣᠯᠭᠠᠨ ᠠᠮᠢ ᠠᠬᠤᠢ ᠶᠢᠨ ᠵᠠᠰᠠᠯᠲᠠ ᠶᠢᠨ ᠣᠷᠣᠨ ᠢ ᠪᠠᠶᠢᠷᠢᠰᠢᠯᠠᠭᠤᠯᠬᠤ ᠪᠠᠷ ᠪᠠᠶᠢᠨ᠎ᠠ᠃ |