ᠤᠷᠢᠬᠠᠨ ᠬᠠᠪᠤᠷ ᠰᠠᠭᠠᠲᠠᠬᠤᠶᠠ᠂ ᠬᠡᠩᠭᠡᠷᠭᠡ ᠳᠡᠯᠡᠳᠴᠦ ᠠᠶᠠᠨ ᠢᠶᠠᠨ ᠡᠬᠢᠯᠡᠭᠦᠯᠪᠡ᠃ 3 ᠰᠠᠷ᠎ᠠ ᠶᠢᠨ | 13 ᠠᠴᠠ 20 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠤᠷᠢᠳ | ᠬᠤᠵᠢᠳ 12 ᠠᠶᠢᠮᠠᠭ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ | ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠶ ᠳᠤ | ᠭᠦᠨᠵᠡᠭᠡᠶᠢᠷᠡᠵᠦ᠂ ᠡᠮᠦᠨ᠎ᠡ ᠹᠷᠤᠨᠲ ᠲᠤ ᠭᠦᠨᠵᠡᠭᠡᠶᠢᠷᠡᠨ ᠵᠢᠯᠤᠭᠤᠳᠴᠤ᠂ ᠳᠠᠶᠢᠯᠠᠯᠳᠤᠭᠠᠨ ᠢ ᠱᠠᠯᠠᠪᠳᠠᠭᠤᠯᠤᠨ | ᠵᠢᠯᠣᠭᠤᠳᠪᠠ᠃ ᠡᠨᠡ ᠪᠣᠯ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ | ᠪᠠ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ | ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠴᠢᠬᠤᠯᠠ ᠶᠡᠭᠡ ᠠᠷᠭ᠎ᠠ ᠬᠡᠮᠵᠢᠶ᠎ᠡ | ᠪᠣᠯᠣᠨ᠎ᠠ᠃ | | | | | | | 3 ᠰᠠᠷ᠎ᠠ ᠶᠢᠨ 14 ᠤ ᠡᠳᠦᠷ᠂ ᠣᠷᠳᠣᠰ ᠬᠤᠲᠠ ᠶᠢᠨ ᠲᠠᠯᠠᠳ ᠬᠤᠰᠢᠭᠤ ᠶᠢᠨ ᠡᠯᠡᠰᠦᠷᠬᠡᠭᠵᠢᠯ ᠢ | ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠤᠨ ᠠᠵᠢᠯ ᠡᠬᠢᠯᠡᠬᠦ ᠲᠤᠬᠠᠢ ᠶᠢᠨ ᠲᠠᠯᠠᠪᠠᠢ ᠪᠣᠯᠣᠨ᠎ᠠ᠃ ᠵᠢᠷᠤᠭ ᠪᠣᠯ ᠠᠬᠤᠢ ᠲᠠᠯᠠᠪᠠᠢ ᠳᠤ ᠬᠡᠳᠦᠨ | ᠵᠠᠭᠤᠨ ᠲᠣᠮᠣ ᠭᠡᠯᠪᠡᠷᠢ ᠶᠢᠨ ᠮᠠᠰᠢᠨ ᠶᠠᠭ ᠶᠠᠭᠠᠷᠠᠯᠲᠠᠢ ᠠᠵᠢᠯᠯᠠᠵᠤ ᠪᠠᠶᠢᠭ᠎ᠠ ᠨᠢ᠃ | | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠭᠠᠰᠢ᠂ ᠥᠪᠥᠷ ᠮᠣᠩᠭᠤᠯ | ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠣᠷᠣᠨ ᠳᠠᠶᠠᠭᠠᠷ ᠤᠨ ᠬᠦᠴᠦ ᠪᠠᠷ ᠠᠬᠢᠭᠤᠯᠵᠤ᠂ | ᠵᠠᠰᠠᠭᠰᠠᠨ ᠦᠷ᠎ᠡ ᠪᠦᠲᠦᠮᠵᠢ ᠨᠢ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠳᠤ ᠬᠤᠯᠪᠣᠭᠳᠠᠭᠰᠠᠨ | 13 ᠮᠤᠵᠢ ᠣᠷᠣᠨ ᠤ ᠳᠣᠲᠣᠷ᠎ᠠ ᠲᠡᠷᠢᠭᠦᠨ ᠪᠠᠶᠢᠷᠢᠨ ᠳᠤ ᠣᠷᠣᠵᠤ᠂ ᠰᠠᠯᠬᠢ ᠡᠯᠡᠰᠦᠨ ᠤ ᠬᠤᠣᠷ ᠬᠥᠨᠥᠭᠡᠯ ᠪᠠ | ᠤᠰᠤ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠭᠠᠰᠬᠠᠪᠠ᠃ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠣᠶ | ᠰᠢᠭᠤᠢ ᠶᠢᠨ ᠶᠡᠷᠦᠩᠬᠡᠢ ᠳᠠᠷᠤᠭ᠎ᠠ ᠶᠢᠨ ᠵᠠᠷᠯᠢᠭ ᠢ ᠨᠡᠶᠢᠲᠡᠯᠡᠵᠦ᠂ 7 ᠲᠠᠯ᠎ᠠ ᠠᠴᠠ ︽ᠤᠮᠠᠷᠠᠲᠤ ᠶᠢᠨ ᠭᠤᠷᠪᠠᠨ | ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ | ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠰᠠᠶᠢᠲᠤᠷ ᠬᠢᠬᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠪᠠ ᠰᠠᠯᠬᠢᠨ ᠬᠦᠴᠦᠨ ᠤ ᠴᠠᠭᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ | ᠪᠣᠳᠠᠲᠠᠢ ᠪᠠᠶᠢᠷᠢᠯᠠᠭᠤᠯᠤᠯᠲᠠ ᠬᠢᠪᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ | ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠶᠡᠬᠡᠩᠬᠢ ᠬᠡᠰᠡᠭ ᠨᠢ ᠥᠪᠥᠷ ᠮᠣᠩᠭᠤᠯ ᠳᠤ ᠪᠠᠶᠢᠵᠤ᠂ | 60% ᠠᠴᠠ ᠳᠡᠭᠡᠭᠰᠢᠬᠢ ᠠᠵᠢᠯ ᠤᠨ ᠬᠡᠮᠵᠢᠶ᠎ᠡ ᠨᠢ ᠥᠪᠥᠷ ᠮᠣᠩᠭᠤᠯ ᠳᠤ ᠪᠠᠶᠢᠵᠤ᠂ ᠬᠠᠷᠢᠭᠤᠴᠠᠯᠭ᠎ᠠ ᠬᠦᠨᠳᠦ ᠶᠡᠭᠡ | ᠂ ᠡᠭᠦᠷᠭᠡ ᠬᠠᠲᠠᠭᠤ ᠪᠡᠷᠬᠡ ᠪᠠᠶᠢᠨ᠎ᠠ᠃ ᠨᠢᠳᠤᠨᠤᠨ ᠤ ᠳᠠᠶᠢᠯᠠᠯᠳᠤᠭᠠᠨ ᠡᠬᠢᠯᠡᠭᠰᠡᠨ ᠰᠠᠭᠤᠷᠢᠨ ᠳᠡᠭᠡᠷ᠎ᠡ᠂ ᠡᠨᠡ ᠵᠢᠯ | ᠥᠪᠥᠷ ᠮᠣᠩᠭᠤᠯ ᠭᠤᠣᠯ ᠬᠦᠴᠦᠨ ᠪᠤᠯᠬᠤ ᠬᠠᠷᠢᠭᠤᠴᠠᠯᠭ᠎ᠠ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢ | ᠭᠠᠷᠭᠠᠵᠤ᠂ ᠡᠨᠡ ᠬᠦ ᠠᠵᠢᠯ ᠢ ᠪᠦᠭᠦ ᠲᠠᠯ᠎ᠠ ᠪᠠᠷ ᠥᠷᠨᠢᠭᠦᠯᠦᠨ᠂ ᠭᠦᠨᠵᠡᠭᠡᠢ ᠠᠬᠢᠭᠤᠯᠵᠤ᠂ ᠪᠦᠭᠦ ᠣᠷᠣᠨ ᠤ ᠡᠯ᠎ᠡ | ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠵᠠᠯᠭᠠᠭ᠎ᠠ ᠪᠠᠷ ᠡᠬᠢᠯᠡᠭᠦᠯᠵᠦ᠂ ᠪᠦᠭᠦ ᠲᠠᠯ᠎ᠠ ᠪᠠᠷ ᠳᠠᠶᠢᠯᠠᠯᠳᠤᠭᠠᠨ | ᠬᠢᠵᠦ ᠡᠬᠢᠯᠡᠵᠡᠢ᠃ | ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠣᠷᠣᠬᠤ ᠳᠤ᠂ ᠮᠠᠰᠢᠨ | ᠲᠡᠷᠭᠡ ᠨᠦᠭᠦᠳ ᠬᠦᠷᠴᠢᠭᠢᠨᠡᠨ᠂ ᠪᠠᠷᠢᠯᠭ᠎ᠠ ᠶᠢᠨ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠪᠠᠷᠢᠯᠭ᠎ᠠ ᠶᠢᠨ | ᠠᠵᠢᠯᠲᠠᠳ ᠶᠠᠭᠠᠷᠠᠯᠲᠠᠢ ᠠᠵᠢᠯᠯᠠᠨ᠎ᠠ ᠁ ᠬᠥᠮᠥᠰ ᠢ ᠤᠷᠮᠠᠰᠢᠭᠤᠯᠬᠤ ᠦᠵᠡᠭᠳᠡᠯ ᠤᠳ᠂ ᠲᠦᠷᠭᠡᠨ ᠠᠬᠢᠭᠤᠯᠵᠤ | ᠪᠠᠶᠢᠭ᠎ᠠ ᠲᠦᠷᠦᠯ ᠵᠦᠢᠯ ᠨᠦᠭᠦᠳ ᠰᠦᠷ ᠵᠢᠪᠬᠤᠭᠠᠲᠤ ᠭᠦᠭ ᠠᠶᠠᠰ ᠢ ᠴᠢᠪᠬᠠᠳᠠᠨ᠎ᠠ᠃ | ᠰᠦᠨ ᠱᠤᠤ ᠴᠧᠩ 3 ᠰᠠᠷ᠎ᠠ ᠶᠢᠨ 14 ᠠᠴᠠ 16 ᠤ ᠡᠳᠦᠷ ᠪᠤᠯᠲᠠᠯ᠎ᠠ ᠦᠦᠰᠢᠨ ᠬᠤᠰᠢᠭᠤ᠂ ᠤᠳᠤᠭ ᠤᠨ | ᠡᠮᠦᠨᠡᠲᠦ ᠬᠤᠰᠢᠭᠤ ᠳᠤ ᠬᠦᠷᠴᠦ᠂ 18 ᠠᠴᠠ 20 ᠤ ᠡᠳᠦᠷ ᠪᠤᠯᠲᠠᠯ᠎ᠠ ᠲᠠᠭᠢᠨ ᠬᠥᠪᠡᠭᠡᠲᠦ ᠰᠢᠷ᠎ᠠ ᠬᠤᠰᠢᠭᠤ᠂ | ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤ᠂ ᠲᠤᠯᠤᠨ ᠨᠠᠭᠤᠷ ᠰᠢᠶᠠᠨ᠂ ᠪᠠᠷᠠᠭᠤᠨ | ᠦᠵᠦᠮᠦᠴᠢᠨ ᠬᠤᠰᠢᠭᠤ ᠳᠤ ᠬᠦᠷᠴᠦ᠂ ᠮᠤᠤᠠᠤᠰᠤ ᠶᠢᠨ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠲᠠᠭ᠎ᠠ ᠶᠢᠨ | ᠡᠯᠡᠰᠦᠷᠬᠡᠭ ᠭᠠᠵᠠᠷ ᠲᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠠᠶᠢᠴᠠᠭᠠᠨ | ᠰᠤᠳᠤᠯᠵᠤ᠂ ᠲᠤᠬᠠᠢ ᠶᠢᠨ ᠲᠠᠯᠠᠪᠠᠢ ᠳᠤ ᠳᠠᠶᠢᠯᠠᠯᠳᠤᠭᠠᠨ ᠢ ᠵᠢᠯᠣᠭᠤᠳᠪᠠ᠃ | ᠦᠦᠰᠢᠨ ᠬᠤᠰᠢᠭᠤᠨ ᠳᠤ ᠬᠦᠷᠬᠦ ᠭᠠᠯᠲᠤ ᠲᠡᠷᠭᠡᠨ ᠳᠡᠭᠡᠷ᠎ᠡ᠂ ᠰᠦᠨ ᠱᠤᠤ ᠴᠧᠩ ᠲᠤᠬᠠᠢ ᠶᠢᠨ ᠭᠠᠵᠠᠷ ᠤᠨ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ | ᠲᠥᠯᠥᠪᠯᠡᠭᠡ ᠶᠢᠨ ᠲᠣᠬᠢᠷᠠᠭᠤᠯᠤᠯᠲᠠ᠂ ᠪᠡᠯᠡ ᠮᠥᠩᠭᠦᠨ ᠤ ᠢᠷᠡᠯᠲᠡ᠂ ᠲᠦᠭᠦᠬᠡᠢ ᠮᠠᠲ᠋ᠧᠷᠢᠶᠠᠯ ᠤᠨ ᠪᠡᠯᠡᠳᠬᠡᠯ᠂ | ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠮᠤᠤᠠᠤᠰᠤ ᠶᠢᠨ | ᠡᠯᠡᠰᠦᠷᠬᠡᠭ ᠭᠠᠵᠠᠷ ᠤᠨ ︽ᠭᠤᠷᠪᠠᠨ ᠠᠷᠭ᠎ᠠ ᠶᠢ ᠤᠶᠠᠯᠳᠤᠭᠤᠯᠬᠤ︾ ᠵᠢᠱᠢᠶ᠎ᠡ ᠦᠵᠡᠭᠦᠯᠭᠦ ᠴᠡᠭ ᠤᠨ ᠡᠯᠡᠰᠦ ᠶᠢ | ᠵᠠᠰᠠᠬᠤ ᠲᠤᠬᠠᠢ ᠶᠢᠨ ᠲᠠᠯᠠᠪᠠᠢ ᠳᠤ ᠬᠥᠮᠥᠰ ᠶᠠᠭᠠᠷᠠᠯᠲᠠᠢ ᠠᠵᠢᠯᠯᠠᠵᠠᠭᠠᠵᠤ ᠪᠠᠶᠢᠯ᠎ᠠ᠂ ᠰᠦᠨ ᠱᠤᠤ ᠴᠧᠩ | ᠭᠦᠷᠦᠮᠡᠭᠴᠡ ᠪᠠᠨ ᠪᠠᠭᠠᠵᠢ ᠠᠳᠬᠤᠨ ᠢᠨᠵᠧᠨᠧᠷᠢᠩ ᠤᠨ ᠠᠩᠭᠢ ᠲᠠᠢ ᠬᠠᠮᠲᠤ ᠠᠵᠢᠯᠯᠠᠵᠤ᠂ ᠤᠳᠠ᠂ ᠡᠯᠡᠰᠦᠨ | ᠪᠤᠷᠭᠠᠰᠤ᠂ ᠨᠠᠶᠢᠯᠵᠠᠭᠤᠷ ᠬᠠᠷᠭᠠᠨ᠎ᠠ ᠵᠡᠷᠭᠡ ᠶᠢᠨ ᠴᠢᠬᠢ ᠶᠢ ᠲᠠᠷᠢᠪᠠ᠃ ᠰᠦᠨ ᠱᠤᠤ ᠴᠧᠩ ᠨᠢᠭᠡ ᠲᠠᠯ᠎ᠠ ᠪᠠᠷ | ᠬᠥᠳᠡᠯᠮᠦᠷᠢᠯᠡᠵᠦ᠂ ᠨᠦᠭᠦᠭᠡ ᠲᠠᠯ᠎ᠠ ᠪᠠᠷ ᠲᠤᠬᠠᠢ ᠶᠢᠨ ᠲᠠᠯᠠᠪᠠᠢ ᠳᠤ ᠪᠠᠶᠢᠭᠰᠠᠨ ᠺᠠᠳ᠋ᠷ ᠤᠯᠠᠨ ᠲᠦᠮᠡᠨ ᠲᠠᠢ | ᠰᠠᠨᠠᠯ ᠢᠶᠠᠨ ᠰᠣᠯᠢᠯᠴᠠᠵᠤ᠂ ᠨᠢᠭᠡ ᠡᠳᠦᠷ ᠬᠡᠳᠦᠢ ᠠᠵᠢᠯ ᠬᠢᠵᠦ ᠳᠡᠶᠢᠯᠭᠦ᠂ ᠵᠠᠰᠠᠯᠲᠠ ᠶᠢᠨ ᠵᠠᠷᠤᠳᠠᠯ ᠬᠡᠳᠦᠢ ᠪᠠᠶᠢᠬᠤ᠂ | ᠡᠯᠡᠰᠦᠨ ᠪᠤᠷᠭᠠᠰᠤ ᠵᠡᠷᠭᠡ ᠮᠠᠲ᠋ᠧᠷᠢᠶᠠᠯ ᠢ ᠬᠠᠮᠢᠭ᠎ᠠ ᠠᠴᠠ ᠠᠪᠴᠢᠷᠠᠬᠤ᠂ ᠬᠡᠷᠡᠭᠯᠡᠵᠦ ᠭᠦᠢᠴᠡᠬᠦ ᠡᠰᠡᠬᠦ ᠲᠤᠬᠠᠢ ᠮᠠᠰᠢ | ᠨᠠᠷᠢᠨ ᠠᠰᠠᠭᠤᠪᠠ᠃ ᠳᠠᠷᠠᠭ᠎ᠠ ᠨᠢ᠂ ᠲᠡᠷᠡ ᠪᠠᠰᠠ ᠣᠲᠤᠭ ᠤᠨ ᠡᠮᠦᠨᠡᠲᠦ ᠬᠤᠰᠢᠭᠤᠨ ᠤ ᠵᠠᠭᠤᠨ ᠲᠦᠮᠡᠨ ᠮᠦ | ᠨᠠᠶᠢᠯᠵᠠᠭᠤᠷ ᠬᠠᠷᠭᠠᠨ᠎ᠠ ᠶᠢᠨ ᠲᠠᠷᠢᠮᠠᠯ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ ᠨᠠᠶᠢᠯᠵᠠᠭᠤᠷ ᠬᠠᠷᠭᠠᠨ᠎ᠠ | ᠲᠠᠷᠢᠬᠤ ᠪᠠ ᠬᠠᠳᠤᠵᠤ ᠬᠤᠷᠢᠶᠠᠬᠤ ᠪᠠᠶᠢᠳᠠᠯ ᠢ ᠣᠶᠢᠯᠠᠭᠠᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠤ | ᠳᠡᠭᠡᠳᠦ ᠠᠮᠠᠰᠠᠷ ᠪᠠ ᠰᠠᠯᠬᠢᠨ ᠤ ᠳᠣᠣᠷᠠᠳᠤ ᠠᠮᠠᠰᠠᠷ ᠲᠤ ᠬᠦᠷᠴᠦ ᠬᠠᠯᠬᠠᠪᠴᠢ ᠪᠦᠰᠡ ᠵᠢᠴᠢ ᠡᠷᠭᠢᠨ ᠲᠣᠭᠤᠷᠢᠨ ᠤ | ᠲᠥᠪᠯᠡᠷᠡᠨ ᠵᠠᠯᠭᠠᠯᠳᠤᠭᠰᠠᠨ ᠡᠯᠡᠰᠦᠷᠬᠡᠭ ᠭᠠᠵᠠᠷ ᠤᠨ ᠵᠠᠰᠠᠯᠲᠠ ᠶᠢᠨ ᠪᠠᠶᠢᠳᠠᠯ ᠢ ᠪᠠᠶᠢᠴᠠᠭᠠᠨ ᠦᠵᠡᠪᠡ᠃ | ᠰᠦᠨ ᠱᠤᠤ ᠴᠧᠩ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠰᠥᠪᠯᠡᠨ ᠪᠠᠶᠢᠷᠢᠯᠠᠭᠤᠯᠤᠭᠰᠠᠨ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠪᠢᠳᠡ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠨᠢᠭᠡ ᠴᠣᠭᠴᠠᠵᠢᠭᠤᠯᠤᠭᠰᠠᠨ | ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠠᠵᠢᠯ ᠤᠨ ᠪᠦᠭᠦ ᠲᠠᠯ᠎ᠠ ᠪᠠᠷ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠭᠦ ᠶᠢ | ᠠᠬᠢᠭᠤᠯᠬᠤ ᠬᠡᠷᠡᠭᠲᠡᠢ᠃ ᠤᠷᠤᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠵᠤ᠂ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠬᠤ ᠪᠠ ᠴᠤᠭᠯᠠᠭᠤᠯᠵᠤ᠂ ᠤᠯᠠᠨ | ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠲᠠᠲᠠᠨ ᠥᠷᠭᠡᠳᠬᠡᠵᠦ᠂ ᠡᠯ᠎ᠡ | ᠲᠦᠷᠦᠯ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ | ᠴᠢᠬᠢ ᠮᠣᠳᠣᠨ ᠤ ᠲᠦᠭᠦᠬᠡᠢ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠶᠡᠷᠦᠩᠬᠡᠶᠢᠯᠡᠨ ᠠᠷᠭ᠎ᠠ ᠪᠣᠳᠣᠯᠭ᠎ᠠ | ᠬᠡᠷᠡᠭᠵᠢᠭᠦᠯᠵᠦ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠦᠷᠲᠡᠭ ᠢ | ᠪᠠᠭᠤᠷᠠᠭᠤᠯᠬᠤ ᠬᠡᠷᠡᠭᠲᠡᠢ᠃ ᠠᠯᠤᠰ ᠭᠡᠳᠦ ᠶᠢ ᠪᠣᠳᠣᠯᠬᠢᠯᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠬᠡᠷᠡᠭᠴᠡᠭᠡ ᠶᠢ ᠦᠨᠳᠦᠰᠦᠯᠡᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠪᠠ ᠤᠷᠲᠤᠳᠬᠠᠵᠤ᠂ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠨ᠂ ᠡᠬᠢᠨ ᠤ ᠪᠠ ᠡᠴᠦᠰ ᠤᠨ ᠬᠡᠯᠬᠢᠶᠡᠨ ᠤ ᠡᠯᠡᠰᠦᠨ | ᠬᠠᠯᠬᠠᠪᠴᠢ ᠶᠢᠨ ᠬᠠᠩᠭᠠᠯᠭ᠎ᠠ᠂ ᠴᠢᠬᠢ ᠮᠣᠳᠣ ᠲᠠᠷᠢᠵᠤ ᠪᠤᠶᠢᠵᠢᠭᠤᠯᠬᠤ᠂ ᠡᠰᠢ ᠰᠦᠷᠡᠯ ᠢ ᠠᠰᠢᠭᠯᠠᠬᠤ᠂ ᠲᠡᠵᠢᠭᠡᠯ | ᠪᠣᠷᠳᠤᠭ᠎ᠠ ᠡᠳ᠋ᠰᠢᠭᠦᠯᠬᠦ ᠵᠡᠷᠭᠡ ᠶᠢ ᠴᠥᠮ ᠬᠢᠵᠦ᠂ ᠤᠢ ᠳᠣᠲᠣᠷᠠᠬᠢ ᠠᠵᠤ ᠠᠬᠤᠢ᠂ ᠣᠶ ᠰᠢᠭᠤᠢ ᠡᠪᠡᠰᠦᠨ ᠤ ᠠᠵᠤ | ᠦᠢᠯᠡᠰ ᠢ ᠶᠡᠭᠡ ᠪᠠᠷ ᠬᠥᠭᠵᠢᠭᠦᠯᠦᠨ᠂ ᠨᠣᠭᠤᠭᠠᠷᠠᠭᠤᠯᠬᠤ ᠪᠠ ᠪᠠᠶᠠᠵᠢᠭᠤᠯᠬᠤ ᠬᠤᠣᠰ ᠠᠮᠵᠢᠯᠲᠠ ᠶᠢ ᠪᠡᠶᠡᠯᠡᠭᠦᠯᠬᠦ | ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ᠂ ᠪᠦᠭᠦ ᠤᠯᠤᠰ ᠤᠨ | ᠨᠣᠭᠤᠭᠠᠷᠠᠭᠤᠯᠤᠯᠲᠠ ᠶᠢᠨ ᠭᠦᠳᠡᠯᠮᠦᠷᠢ ᠶᠢᠨ ᠵᠢᠱᠢᠶᠡᠴᠢ ᠶᠢᠨ ᠢᠦᠢ ᠵᠧᠨ ᠢ ᠡᠷᠭᠢᠨ ᠦᠵᠡᠵᠦ᠂ ᠲᠡᠭᠦᠨ ᠤ ᠤᠯᠠᠨ | ᠵᠢᠯ ᠤᠨ ᠲᠤᠷᠰᠢᠬᠢ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ | ᠲᠡᠭᠦᠨ ᠲᠠᠢ ᠬᠠᠮᠲᠤ ᠴᠢᠬᠢ ᠮᠣᠳᠣ ᠲᠠᠷᠢᠪᠠ᠃ ᠰᠦᠨ ᠱᠤᠤ ᠴᠧᠩ᠂ ᠲᠡᠷᠢᠭᠦᠨ ᠤ ᠨᠡᠶᠢᠲᠡᠯᠢᠭ ᠵᠢᠱᠢᠶ᠎ᠡ ᠶᠢ | ᠢᠳᠡᠪᠬᠢᠲᠡᠢ ᠰᠣᠩᠭᠤᠨ ᠱᠤᠭᠤᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠬᠥᠮᠥᠰ ᠤᠨ ᠰᠡᠳᠬᠢᠯ ᠢ | ᠬᠥᠳᠡᠯᠭᠡᠮ᠎ᠡ ᠦᠢᠯᠡ ᠠᠵᠢᠯᠯᠠᠭ᠎ᠠ ᠶᠢ ᠰᠠᠶᠢᠲᠤᠷ ᠶᠠᠷᠢᠵᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ | ᠳᠠᠶᠢᠴᠢᠯᠠᠬᠤ ᠠᠵᠢᠯ ᠢ ᠨᠡᠩ ᠢᠯᠡᠭᠦᠦ ᠴᠢᠬᠤᠯᠠᠴᠢᠯᠠᠵᠤ᠂ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠬᠠᠮᠠᠭᠠᠯᠠᠬᠤ ᠪᠠ ᠵᠠᠰᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠭᠠᠵᠠᠷ ᠰᠢᠷᠣᠢ ᠶᠢ ᠨᠠᠨᠳᠢᠩᠨᠠᠨ᠂ ᠭᠡᠷ | ᠣᠷᠣᠨ ᠢᠶᠠᠨ ᠬᠠᠶᠢᠷᠠᠯᠠᠨ ᠬᠠᠮᠠᠭᠠᠯᠠᠵᠤ᠂ ︽ᠨᠠᠳᠠ ᠪᠠᠷ ᠵᠠᠰᠠᠭᠤᠯᠬᠤ︾ ᠶᠢ ︽ᠪᠢ ᠵᠠᠰᠠᠬᠤ︾ ᠪᠣᠯᠭᠠᠨ | ᠬᠤᠪᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠭᠤᠯᠬᠤ ᠬᠡᠷᠡᠭᠲᠡᠢ ᠭᠡᠵᠦ ᠬᠡᠯᠡᠪᠡ᠃ | ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ᠂ ᠰᠦᠨ ᠱᠤᠤ ᠴᠧᠩ ᠡᠯᠡᠰᠦᠷᠬᠡᠭ ᠭᠠᠵᠠᠷ ᠢ ᠵᠠᠰᠠᠭᠰᠠᠨ | ᠦᠷ᠎ᠡ ᠪᠦᠲᠦᠭᠡᠯ ᠪᠣᠯᠣᠨ ᠲᠥᠯᠥᠪᠯᠡᠭᠡ ᠶᠢ ᠭᠦᠨᠵᠡᠭᠡᠢ ᠣᠶᠢᠯᠠᠭᠠᠵᠤ᠂ ᠰᠢᠯᠢ ᠶᠢᠨ ᠭᠤᠣᠯ ᠠᠶᠢᠮᠠᠭ ᠤᠨ ᠨᠢᠭᠡ | ᠴᠣᠭᠴᠠᠵᠢᠭᠤᠯᠤᠭᠰᠠᠨ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠪᠠ᠃ ᠲᠡᠷᠡ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠲᠤ ᠰᠥᠨᠥᠭᠡᠯᠲᠡ ᠶᠢᠨ ᠳᠠᠶᠢᠯᠠᠯᠳᠤᠭᠠᠨ | ᠬᠢᠵᠦ ᠪᠠᠶᠢᠨ᠎ᠠ᠂ ᠶᠡᠭᠡ ᠳᠠᠶᠢᠯᠠᠯᠳᠤᠭᠠᠨ ᠬᠢᠬᠦ ᠰᠥᠰᠥ ᠵᠣᠷᠢᠭ ᠢᠶᠠᠨ ᠪᠠᠳᠠᠷᠠᠭᠤᠯᠵᠤ᠂ ᠢᠯᠡᠭᠦᠦ ᠬᠢᠵᠦ ᠴᠢᠳᠠᠪᠠᠯ | ᠢᠯᠡᠭᠦᠦ ᠬᠢᠵᠦ᠂ ᠬᠡᠳᠦᠢ ᠲᠦᠷᠭᠡᠨ ᠬᠢᠵᠦ ᠴᠢᠳᠠᠪᠠᠯ ᠲᠡᠳᠦᠢ ᠲᠦᠷᠭᠡᠨ ᠬᠢᠵᠦ᠂ ᠨᠢᠭᠡ ᠯᠡ ᠠᠮᠢᠰᠬᠤᠭ᠎ᠠ ᠪᠠᠷ | ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠡᠭᠦᠷᠭᠡ ᠪᠠᠭ᠎ᠠ ᠭᠠᠵᠠᠷ ᠣᠷᠣᠨ ᠨᠢ ᠰᠥᠨᠥᠭᠡᠯᠲᠡ ᠶᠢ | ᠡᠷᠲᠡᠬᠡᠨ ᠪᠡᠶᠡᠯᠡᠭᠦᠯᠬᠦ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠶ ᠮᠣᠳᠣ | ᠲᠠᠷᠢᠵᠤ᠂ ᠲᠣᠷᠤᠭ ᠮᠣᠳᠣ ᠪᠤᠲᠠ ᠮᠣᠳᠣ ᠡᠪᠡᠰᠦ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠭᠡᠷᠡᠯᠴᠢ | ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ | ᠲᠦ᠋ᠭᠨᠢᠭ ᠮᠡᠷᠭᠡᠵᠢᠯ ᠤᠨ ᠬᠦᠴᠦᠨ ᠢ ᠬᠡᠷᠡᠭᠯᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠠᠪᠤᠳᠠᠯ ᠢ ᠨᠡᠩ | ᠴᠢᠬᠤᠯᠠᠴᠢᠯᠠᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠂ ᠰᠢᠨ᠎ᠡ ᠮᠡᠷᠭᠡᠵᠢᠯ᠂ ᠰᠢᠨ᠎ᠡ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠰᠠᠶᠢᠲᠤᠷ ᠬᠢᠵᠦ᠂ ᠮᠠᠰᠢᠨ ᠢᠶᠠᠷ ᠠᠵᠢᠯᠯᠠᠬᠤ ᠪᠦᠷᠬᠦᠴᠡ ᠶᠢᠨ | ᠬᠡᠪᠴᠢᠶ᠎ᠡ ᠶᠢ ᠥᠷᠭᠡᠳᠬᠡᠨ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠴᠦ᠂ ᠡᠮᠦᠨᠡᠬᠢ ᠬᠤᠭᠤᠴᠠᠭᠠᠨ ᠤ ᠵᠠᠰᠠᠯᠲᠠ ᠠᠴᠠ ᠰᠡᠭᠦᠯᠴᠢ ᠶᠢᠨ | ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠭᠦᠷᠲᠡᠯ᠎ᠡ᠂ ᠶᠡᠷᠦᠩᠬᠡᠶᠢᠯᠡᠭᠰᠡᠨ ᠦᠷ᠎ᠡ ᠠᠰᠢᠭ ᠢ ᠪᠠᠳᠠᠷᠠᠭᠤᠯᠬᠤ ᠳᠤ | ᠴᠥᠮ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠶᠢ ᠰᠤᠳᠤᠯᠤᠨ ᠪᠦᠷᠢᠯᠳᠦᠭᠦᠯᠵᠦ᠂ ᠬᠡᠳᠦᠨ ᠵᠦᠢᠯ ᠤᠨ | ᠵᠠᠭᠪᠤᠷ ᠢ ᠢᠯᠡᠭᠦᠬᠡᠨ ᠰᠦᠪᠡᠭᠴᠢᠯᠡᠵᠦ᠂ ᠮᠠᠯᠴᠢᠨ ᠲᠠᠷᠢᠶᠠᠴᠢᠨ ᠤ ᠢᠳᠡᠪᠬᠢᠵᠢᠯ ᠢ ᠰᠠᠶᠢᠲᠤᠷ ᠳᠠᠶᠢᠴᠢᠯᠠᠵᠤ᠂ | ᠬᠠᠷᠢᠭᠤᠴᠠᠯᠭ᠎ᠠ ᠡᠷᠬᠡ ᠶᠢ ᠵᠣᠬᠢᠴᠠᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠵᠣᠭᠰᠤᠭᠠᠬᠤ ᠪᠡᠯᠴᠢᠭᠡᠷ ᠢ ᠠᠮᠠᠷᠠᠭᠤᠯᠬᠤ | ᠬᠠᠮᠢᠶᠠᠷᠤᠯᠲᠠ ᠶᠢ ᠴᠢᠩᠭᠠᠳᠬᠠᠵᠤ᠂ ᠵᠠᠰᠠᠴᠢᠬᠠᠭᠠᠳ ᠡᠪᠳᠡᠬᠦ᠂ ᠡᠪᠳᠡᠴᠢᠬᠡᠭᠡᠳ ᠵᠠᠰᠠᠬᠤ ᠮᠠᠭᠤ ᠣᠷᠴᠢᠯ ᠳᠤ | ᠣᠷᠣᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠬᠡᠯᠡᠪᠡ᠃ | ᠡᠨᠡ ᠬᠤᠭᠤᠴᠠᠭᠠᠨ ᠳᠤ᠂ ᠰᠦᠨ ᠱᠤᠤ ᠴᠧᠩ ᠪᠠᠰᠠ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠵᠤ︾᠂ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠᠨ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠯ ᠰᠣᠷᠢᠯᠲᠠ ᠶᠢ ᠰᠠᠶᠢᠲᠤᠷ ᠠᠳᠬᠤᠵᠤ᠂ ᠭᠠᠯ | ᠭᠠᠷᠤᠮᠠᠭᠴᠠ ᠲᠦᠷᠭᠡᠨ ᠲᠤᠰᠬᠠᠯ ᠭᠠᠷᠭᠠᠵᠤ᠂ ᠡᠷᠬᠡᠪᠰᠢ ᠭᠠᠯ ᠭᠠᠷᠬᠤ ᠶᠢ ᠢᠯᠡᠷᠡᠭᠦᠯᠦᠮᠡᠭᠴᠡ ᠳᠠᠷᠤᠢ ᠳᠤᠨᠢ | ᠤᠨᠲᠠᠷᠠᠭᠠᠬᠤ ᠬᠡᠷᠡᠭᠲᠡᠢ ᠭᠡᠵᠦ ᠵᠠᠬᠢᠪᠠ᠃ | ᠸᠠᠩ ᠯᠢ ᠰᠢᠶᠠ ᠤᠷᠢᠳ ᠬᠤᠵᠢᠳ ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠣᠯᠣᠨ | ᠤᠯᠠᠭᠠᠨᠪᠤᠬ᠎ᠠ᠂ ᠲᠡᠭᠷᠢ ᠡᠯᠡᠰᠦᠨ ᠳᠤ ᠭᠦᠨᠵᠡᠭᠡᠶᠢᠷᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ | ᠠᠵᠢᠯ ᠢ ᠱᠠᠯᠠᠪᠳᠠᠭᠤᠯᠤᠨ ᠵᠢᠯᠣᠭᠤᠳᠪᠠ᠃ 3 ᠰᠠᠷ᠎ᠠ ᠶᠢᠨ ᠬᠡᠰᠢᠭᠲᠡᠨ ᠳᠤ ᠮᠥᠰᠥ ᠴᠠᠰᠤ ᠬᠠᠷᠠᠬᠠᠨ ᠬᠠᠶᠢᠯᠤᠭᠠᠳᠤᠢ | ᠪᠠᠶᠢᠬᠤ ᠳᠤ᠂ ᠸᠠᠩ ᠯᠢ ᠰᠢᠶᠠ ᠠᠩᠬᠠᠨ ᠤ ᠬᠦᠷᠬᠦ ᠦᠷᠳᠡᠭᠡ ᠪᠠᠨ ᠤᠷᠢᠳ ᠢᠶᠠᠷ ᠰᠠᠶᠢᠬᠠᠨᠳᠠᠪᠠᠭ᠎ᠠ ᠤᠢ ᠰᠢᠭᠤᠢ ᠶᠢᠨ | ᠲᠠᠯᠠᠪᠠᠢ ᠳᠤ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠲᠠᠭᠢᠨ ᠡᠷᠭᠢᠴᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠣᠭᠤᠷᠢᠨ ᠦᠵᠡᠪᠡ᠃ ᠲᠠᠷᠠᠭ᠎ᠠ ᠨᠢ᠂ ᠲᠡᠷᠡ ᠦ᠋ ᠼᠠᠢ ᠱᠠᠨ ᠠᠭᠤᠯᠠ ᠶᠢᠨ ᠡᠯᠡᠰᠦ ᠶᠢ ᠵᠠᠰᠠᠬᠤ ᠲᠦᠷᠦᠯ | ᠵᠦᠢᠯ ᠤᠨ ᠣᠷᠣᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠠᠢ ᠶᠢᠨ | ᠠᠯᠪᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠷᠯᠢᠭ ᠢ ᠡᠷᠡᠰ | ᠴᠤᠤᠷᠢᠶᠠᠲᠤᠨ ᠲᠠᠭᠠᠵᠤ᠂ ᠤᠯᠤᠰ ᠲᠦᠷᠦ ᠶᠢ ᠡᠷᠭᠢᠮᠯᠡᠭᠦ ᠥᠨᠳᠥᠷᠴᠡ ᠠᠴᠠ ︽ᠤᠮᠠᠷᠠᠲᠤ ᠶᠢᠨ ᠭᠤᠷᠪᠠᠨ ᠣᠷᠣᠨ︾ | ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠭᠦ ᠲᠠᠯ᠎ᠠ ᠪᠠᠷ ᠣᠯᠬᠤ ᠬᠡᠷᠡᠭᠲᠡᠢ᠃ | ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠰᠦᠪᠡᠭᠴᠢᠯᠡᠵᠦ᠂ ᠮᠠᠯᠴᠢᠨ ᠲᠠᠷᠢᠶᠠᠴᠢᠨ ᠢ ᠥᠷᠭᠡᠨ ᠢᠶᠠᠷ ᠳᠠᠶᠢᠴᠢᠯᠠᠨ | ᠣᠷᠣᠯᠴᠠᠭᠤᠯᠵᠤ᠂ ᠠᠮᠢ ᠠᠬᠤᠢ ᠶᠢ ᠰᠠᠶᠢᠵᠢᠷᠠᠭᠤᠯᠬᠤ ᠮᠥᠷᠲᠡᠭᠡᠨ ᠣᠷᠣᠯᠭ᠎ᠠ ᠶᠢᠨ ᠨᠡᠮᠡᠭᠳᠡᠯ ᠢ ᠨᠢ ᠠᠬᠢᠭᠤᠯᠬᠤ | ᠬᠡᠷᠡᠭᠲᠡᠢ᠃ ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠬᠤᠷᠳᠤᠨ ᠮᠣᠷᠢᠨ ᠳᠤ ᠲᠠᠰᠢᠭᠤᠷ ᠨᠡᠮᠡᠵᠦ᠂ ᠵᠢᠯ ᠵᠢᠯ ᠵᠠᠯᠭᠠᠭ᠎ᠠ ᠪᠠᠷ ᠠᠵᠢᠯᠯᠠᠵᠤ᠂ ᠬᠤᠷᠴᠢᠨ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢ ᠰᠠᠶᠢᠲᠤᠷ ᠵᠠᠰᠠᠵᠤ᠂ ᠴᠥᠬᠦᠷᠡᠰᠢ ᠦᠭᠡᠢ ᠴᠢᠷᠮᠠᠶᠢᠯᠭ᠎ᠠ ᠪᠠᠷ | ᠳᠠᠮᠵᠢᠨ ︽ᠠᠳᠡᠬᠢ ᠦᠵᠡᠮᠵᠢ ᠶᠢ ᠠᠳᠠᠪᠠᠰᠢ ᠰᠠᠶᠢᠬᠠᠨ︾ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠠᠯᠬᠢ ᠡᠯᠡᠰᠦ ᠶᠢ ᠰᠥᠷᠴᠦ᠂ ᠸᠠᠩ ᠯᠢ ᠰᠢᠶᠠ ᠠᠯᠠᠱᠠ ᠶᠢᠨ ᠵᠠᠭᠤᠨ ᠲᠦᠮᠡᠨ ᠮᠦ ᠵᠠᠭ ᠤᠨ ᠤᠢ ᠶᠢᠨ | ᠰᠠᠭᠤᠷᠢᠨ ᠪᠣᠯᠣᠨ ᠨᠢᠰᠬᠡᠯ ᠢᠶᠠᠷ ᠲᠠᠷᠢᠵᠤ ᠣᠶᠢᠵᠢᠭᠤᠯᠬᠤ ᠣᠷᠣᠨ ᠳᠤ ᠬᠦᠷᠴᠦ᠂ ᠵᠠᠭ ᠤᠨ ᠦᠨᠳᠦᠰᠦᠨ ᠳᠤ ᠴᠠᠭᠠᠨ | ᠭᠤᠶᠣᠣ ᠵᠠᠯᠭᠠᠵᠤ ᠲᠠᠷᠢᠬᠤ ᠡᠨᠡ ᠬᠦ ᠡᠯᠡᠰᠦ ᠶᠢ ᠲᠣᠭᠲᠠᠪᠤᠷᠢᠵᠢᠭᠤᠯᠬᠤ ᠪᠥᠭᠡᠳ ᠪᠠᠰᠠ ᠠᠵᠤ ᠠᠬᠤᠢ ᠶᠢᠨ ᠦᠷ᠎ᠡ | ᠠᠰᠢᠭ ᠲᠠᠢ ᠬᠡᠪ ᠵᠠᠭᠪᠤᠷ ᠢ ᠨᠤᠲᠠᠯᠠᠵᠤ᠂ ᠲᠤᠬᠠᠢ ᠶᠢᠨ ᠭᠠᠵᠠᠷ ᠤᠨ ᠬᠢᠨ ᠢ ᠪᠤᠤᠬᠢᠶ᠎ᠠ ᠳᠠᠮᠵᠢᠭᠤᠯᠤᠨ ᠠᠵᠢᠯᠯᠠᠬᠤ ᠶᠢ | ᠵᠣᠷᠢᠭᠵᠢᠭᠤᠯᠪᠠ᠃ ᠲᠡᠭᠷᠢ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ | ᠠᠵᠢᠯᠲᠠᠳ ᠶᠠᠭ ᠪᠠᠭᠠᠨ᠎ᠠ ᠪᠣᠰᠬᠠᠵᠤ ᠶᠠᠭᠠᠷᠠᠯᠳᠤᠨ᠎ᠠ᠃ ᠸᠠᠩ ᠯᠢ ᠰᠢᠶᠠ᠂ ᠡᠯᠡᠰᠦᠷᠬᠡᠭᠵᠢᠯ ᠢ ᠰᠡᠷᠭᠡᠶᠢᠯᠡᠵᠦ | ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ | ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠠᠯᠢ ᠲᠦᠷᠭᠡᠨ ᠠᠯᠢ ᠡᠷᠲᠡ ᠠᠴᠠ ᠰᠢᠨ᠎ᠡ | ᠡᠨᠧᠷᠭᠢ ᠶᠢᠨ ᠲᠦᠷᠦᠯ ᠵᠦᠢᠯ ᠢ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠶᠢ ᠡᠷᠲᠡᠬᠡᠨ | ᠲᠥᠯᠥᠪᠵᠢᠭᠦᠯᠬᠦ ᠬᠡᠷᠡᠭᠲᠡᠢ᠃ ᠰᠢᠨ᠎ᠡ ᠵᠠᠭᠪᠤᠷ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ | ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠠᠵᠤ ᠠᠬᠤᠶᠢᠯᠠᠯ ᠪᠣᠯᠣᠨ | ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ᠂ | ᠦᠢᠯᠡᠳᠪᠦᠷᠢᠯᠡᠯ᠂ ᠠᠮᠢᠳᠤᠷᠠᠯ ᠤᠨ ᠭᠤᠷᠪᠠᠨ ᠢᠯᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃ ᠳᠠᠷᠠᠭ᠎ᠠ ᠨᠢ᠂ ᠲᠡᠷᠡ | ᠪᠠᠰᠠ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ᠃ | ᠸᠠᠩ ᠯᠢ ᠰᠢᠶᠠ ᠭᠦᠷᠦᠭᠰᠡᠨ ᠭᠠᠵᠠᠷ ᠪᠣᠯᠭᠠᠨ ᠳᠠᠭᠠᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠠᠵᠢᠯ ᠢ ᠪᠠᠶᠢᠴᠠᠭᠠᠵᠤ᠂ ᠡᠨᠡ ᠶᠠᠪᠤᠳᠠᠯ ᠢ ᠡᠳᠦᠷ ᠪᠦᠷᠢ ᠶᠠᠷᠢᠵᠤ᠂ ᠴᠠᠭ ᠢᠮᠠᠭᠲᠠ ᠶᠠᠷᠢᠵᠤ᠂ ᠶᠡᠭᠡ ᠪᠠᠷ | ᠤᠬᠠᠭᠤᠯᠬᠤ ᠪᠠᠷ ᠳᠠᠮᠵᠢᠨ ᠵᠢᠭᠤᠯᠴᠢᠯᠠᠬᠰᠡᠳ ᠪᠣᠯᠣᠨ ᠲᠤᠬᠠᠢ ᠶᠢᠨ ᠭᠠᠵᠠᠷ ᠤᠨ ᠤᠯᠠᠨ ᠲᠦᠮᠡᠨ ᠢ ︽ᠲᠦᠢᠮᠡᠷ | ᠰᠡᠷᠭᠡᠶᠢᠯᠡᠭᠴᠢ︾ ᠪᠤᠯᠭᠠᠵᠤ᠂ ᠭᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠦᠷ᠎ᠡ ᠪᠦᠲᠦᠭᠡᠯ ᠢᠶᠠᠨ ᠬᠠᠮᠲᠤ ᠪᠠᠷ | ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠣᠶᠢᠷ᠎ᠠ ᠶᠢᠨ ᠡᠳᠦᠷ᠂ ᠪᠦᠦ ᠭᠠᠩ᠂ ᠳ᠋ᠢᠩ ᠰᠢᠤ ᠹᠧᠩ᠂ ᠮᠧᠩ ᠰᠢᠶᠠᠨ ᠳ᠋ᠦᠩ᠂ ᠬᠤᠸᠠᠩ ᡁᠢ ᠴᠢᠶᠠᠩ᠂ | ᠶᠣᠣ ᠶᠦᠩ ᠪᠦᠸᠧ᠂ ᠳᠠᠶᠢᠴᠢᠨ᠂ ᠶᠠᠩ ᠶᠢᠨ᠂ ᠪᠠᠢ ᠴᠢᠩ ᠶᠤᠸᠠᠨ ᠵᠡᠷᠭᠡ ᠥᠪᠡᠷᠲᠡᠭᠡᠨ ᠵᠠᠰᠠᠬᠤ ᠣᠷᠣᠨ ᠤ | ᠤᠳᠤᠷᠢᠳᠤᠯᠭ᠎ᠠ ᠠᠶᠢᠮᠠᠭ ᠬᠤᠳᠠ ᠳᠤ ᠭᠦᠨᠵᠡᠭᠡᠶᠢᠷᠡᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠡᠬᠢᠯᠡᠬᠦ ᠶᠢ | ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠵᠢᠯᠤᠭᠤᠳᠴᠤ᠂ ᠡᠯ᠎ᠡ ᠠᠶᠢᠮᠠᠭ ᠬᠤᠳᠠ ᠲᠠᠢ ᠬᠠᠮᠲᠤ ᠪᠠᠷ ᠰᠡᠳᠦᠪ | ᠬᠠᠷᠢᠭᠤᠯᠵᠤ᠂ ᠵᠡᠷᠭᠡ ᠪᠠᠷ ᠬᠦᠴᠦᠯᠡᠵᠦ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠬᠦ ᠶᠢ ᠦᠨᠡᠨ ᠬᠦ ᠪᠠᠲᠤᠯᠠᠪᠠ᠃ ᠢᠦᠢ ᠯᠢ ᠰᠢᠨ᠂ ᠵᠠᠩ ᠪᠠᠢ ᠴᠧᠩ ᠲᠤᠰ ᠲᠤᠰ ᠬᠠᠮᠢᠶ᠎ᠠ ᠪᠦᠬᠦᠢ | ᠠᠵᠢᠯᠯᠠᠭ᠎ᠠ ᠳᠤ ᠣᠷᠣᠯᠴᠠᠪᠠ᠃ | ᠭᠦᠭᠡᠬᠤᠲᠠ ᠶᠢᠨ ᠲᠣᠭᠲᠠᠬᠤ ᠰᠢᠶᠠᠨ ᠤ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠥᠪ ᠤᠨ ᠬᠠᠴᠢᠨᠪᠤᠯᠠᠭ ᠲᠣᠰᠬᠤᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠲᠤᠬᠠᠢ ᠶᠢᠨ ᠲᠠᠯᠠᠪᠠᠶ ᠠᠴᠠ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ | ᠪᠠᠯ ᠤᠨ ᠬᠤᠶᠢᠲᠤ ᠬᠡᠰᠡᠭ ᠢ ᠨᠣᠭᠤᠭᠠᠷᠠᠭᠤᠯᠬᠤ ᠠᠮᠢ ᠠᠬᠤᠢ ᠶᠢᠨ ᠵᠠᠰᠠᠯᠲᠠ ᠶᠢᠨ ᠣᠷᠣᠨ ᠳᠤ ᠭᠦᠷᠳᠡᠯ᠎ᠡ᠂ | ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠤ ᠴᠠᠩ ᠰᠢᠩ ᠡᠯᠡᠰᠦ ᠳᠤᠭᠤᠯᠤᠬᠰᠠᠨ ᠵᠠᠰᠠᠮᠠᠯ ᠵᠠᠮ ᠳᠠᠭᠠᠤ | ᠢᠨᠵᠧᠨᠧᠷᠢᠩ ᠤᠨ ᠨᠢᠭᠡᠳᠦᠭᠡᠷ ᠹᠷᠣᠨᠲ ᠠᠴᠠ ᠬᠢᠩᠭᠠᠨ ᠠᠶᠢᠮᠠᠭ ᠤᠨ ᠬᠤᠷᠴᠢᠨ ᠤ ᠡᠯᠡᠰᠦᠷᠬᠡᠭ ᠭᠠᠵᠠᠷ ᠢ | ᠤᠰᠠᠳᠬᠠᠬᠤ ᠬᠤᠶᠠᠷᠰᠤᠮᠤ ᠶᠢᠨ ᠳᠠᠶᠢᠨ ᠤ ᠲᠠᠯᠠᠪᠤᠷ ᠭᠦᠷᠳᠡᠯ᠎ᠡ ᠁ ᠪᠦᠭᠦ ᠣᠷᠣᠨ ᠳᠠᠶᠠᠭᠠᠷ ᠵᠠᠷᠯᠢᠭ | ᠰᠣᠨᠣᠰᠤᠮᠠᠭᠴᠠ ᠬᠥᠳᠡᠯᠦᠯᠴᠡᠵᠦ᠂ ᠲᠡᠷᠡ ᠴᠢᠭ ᠢᠶᠠᠷ ᠨᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠤᠰᠢᠭᠤ | ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠵᠣᠷᠢᠭᠲᠠᠢ ᠪᠠᠷ ᠬᠢᠵᠦ ᠴᠢᠳᠠᠮᠠᠭᠠᠢ ᠠᠵᠢᠯᠯᠠᠨ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠡᠪᠳᠡᠷᠡᠰᠢ ᠦᠭᠡᠢ ᠪᠠᠲᠤ ᠪᠠᠬᠢ ᠤᠮᠠᠷᠠᠲᠤ ᠬᠢᠯᠢ ᠶᠢᠨ ᠪᠣᠬᠢᠷᠳᠤᠯ ᠦᠭᠡᠢ ᠤᠷᠲᠤ ᠴᠠᠭᠠᠨ ᠬᠡᠷᠡᠮ ᠪᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠴᠣᠭᠴᠠᠯᠠᠵᠤ᠂ ᠦᠨᠡᠨ ᠪᠣᠳᠠᠲᠠᠢ ᠵᠠᠰᠠᠯᠲᠠ ᠶᠢᠨ | ᠦᠷ᠎ᠡ ᠪᠦᠲᠦᠮᠵᠢ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ | ᠮᠣᠩᠭᠤᠯ ᠳᠠᠬᠢ ᠬᠠᠶᠢᠷ᠎ᠠ ᠬᠠᠯᠠᠮᠵᠢ ᠪᠣᠯᠣᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠨᠢ ᠬᠠᠷᠢᠭᠤᠯᠵᠤ ᠪᠠᠶᠢᠨ᠎ᠠ᠃ | | |