| 3 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠸᠠᠩ ᠯᠢ ᠰᠢᠶᠠ ᠪᠤᠭᠤᠲᠤ ᠳᠤ ︽ᠬᠤᠪᠣᠷ ᠰᠢᠷᠣᠢ ᠶᠢᠨ | ᠬᠤᠶᠠᠷ ᠰᠠᠭᠤᠷᠢᠨ︾ ᠤ ᠪᠦᠳᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃ ᠸᠠᠩ ᠯᠢ ᠰᠢᠶᠠ ᠮᠢᠩ ᠶᠠᠩ | ᠡᠨᠧᠷᠭᠢ ᠶᠢᠨ ᠺᠣᠮᠫᠠᠨᠢ ᠳᠤ ᠬᠦᠷᠴᠦ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ | ᠬᠡᠯᠬᠢᠶ᠎ᠡ ᠶᠢᠨ ᠭᠤᠣᠯ ᠠᠵᠤ ᠠᠬᠤᠶᠢᠯᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠢᠯᠡᠳᠪᠦᠷᠢᠯᠡᠬᠦ᠂ | ᠤᠭᠰᠠᠷᠠᠬᠤ᠂ ᠲᠡᠭᠡᠭᠡᠪᠦᠷᠢᠯᠡᠬᠦ᠂ ᠬᠡᠷᠡᠭᠯᠡᠬᠦ ᠵᠡᠷᠭᠡ ᠭᠤᠭᠴᠤᠭ᠎ᠠ ᠶᠢᠨ ᠲᠣᠭᠤᠷᠢᠨ ᠳᠤ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠵᠤ ᠠᠬᠤᠶᠢᠯᠠᠯ ᠨᠢ ᠪᠦᠬᠦ ᠪᠥᠮᠪᠥᠷᠴᠡᠭ ᠤᠨ ᠠᠩᠬᠠᠳᠠᠭᠴᠢ ᠪᠠᠭᠤᠷᠠᠨ ᠵᠠᠳᠠᠷᠠᠵᠤ ᠪᠣᠯᠬᠤ ᠡᠭᠡᠭᠦᠯᠦᠨ | ᠬᠤᠷᠢᠶᠠᠵᠤ ᠪᠣᠯᠬᠤ ᠰᠠᠯᠬᠢᠨ ᠬᠦᠴᠦᠨ ᠤ ᠴᠠᠬᠢᠯᠭᠠᠨ ᠤ ᠮᠠᠰᠢᠨ ᠤ ᠰᠠᠷᠬᠢᠷᠠᠭᠤᠷ ᠰᠤᠳᠤᠯᠤᠨ ᠦᠢᠯᠡᠳᠦᠭᠰᠡᠨ ᠢ | ᠣᠶᠢᠯᠠᠭᠠᠭᠠᠳ᠂ ᠲᠡᠷᠡ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠵᠤ᠂ ᠡᠴᠦᠰ ᠤᠨ ᠦᠢᠯᠡᠳᠬᠦᠨ ᠢ | ᠲᠥᠯᠥᠪᠵᠢᠭᠦᠯᠦᠨ ᠪᠠᠶᠢᠷᠢᠰᠢᠭᠤᠯᠵᠤ᠂ ᠡᠭᠡᠭᠦᠯᠦᠨ ᠬᠤᠷᠢᠶᠠᠵᠤ ᠲᠠᠬᠢᠨ ᠠᠰᠢᠭᠯᠠᠬᠤ ᠶᠢ ᠰᠢᠨ᠎ᠡ ᠠᠵᠤ ᠦᠢᠯᠡᠰ | ᠪᠣᠯᠭᠠᠬᠤ ᠬᠡᠷᠡᠭᠲᠡᠢ ᠭᠡᠵᠦ ᠵᠠᠬᠢᠪᠠ᠃ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ | ᠦᠢᠯᠡᠰ ᠤᠨ ᠬᠦᠷᠢᠶᠡᠯᠡᠩ ᠤᠨ ᠪᠠᠷᠢᠯᠭ᠎ᠠ ᠶᠢᠨ ᠠᠬᠤᠶ ᠲᠠᠯᠠᠪᠠᠶ ᠳᠤ ᠮᠠᠰᠢᠨ ᠮᠤᠬᠠᠨᠢᠭ ᠬᠦᠷᠴᠢᠭᠢᠨᠡᠵᠥ ᠪᠠᠶᠢᠯ᠎ᠠ᠂ ᠸᠠᠩ | ᠯᠢ ᠰᠢᠶᠠ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠪᠠᠶᠢᠳᠠᠯ ᠢ ᠨᠠᠷᠢᠨ ᠣᠶᠢᠯᠠᠭᠠᠵᠤ᠂ ᠣᠷᠣᠵᠤ ᠰᠠᠭᠤᠭᠰᠠᠨ ᠠᠵᠤ ᠠᠬᠤᠶᠢᠯᠠᠯ ᠳᠤ ᠦᠨᠡᠨ ᠪᠣᠳᠠᠲᠠᠶ ᠳᠡᠮᠵᠢᠯᠭᠡ | ᠦᠵᠡᠭᠦᠯᠵᠦ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ | ᠬᠡᠷᠡᠭᠲᠡᠶ ᠭᠡᠵᠦ ᠵᠠᠬᠢᠪᠠ᠃ | ᠤᠯᠤᠰ ᠤᠨ ᠬᠤᠪᠣᠷ ᠰᠢᠷᠣᠶ ᠶᠢᠨ ᠴᠢᠳᠠᠮᠵᠢᠳᠦ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ᠂ ᠲᠡᠷᠡ ᠠᠵᠤ | ᠠᠬᠤᠶᠢᠯᠠᠯ ᠤᠨ ᠲᠣᠭᠤᠷᠢᠨ ᠳᠤ ᠰᠤᠳᠤᠯᠤᠨ ᠨᠡᠭᠡᠭᠡᠯᠲᠡ ᠬᠢᠵᠦ᠂ ᠨᠡᠭᠡᠭᠡᠯᠲᠡ ᠬᠢᠬᠦ ᠰᠡᠳᠭᠢᠬᠦᠶ ᠪᠠ ᠠᠭᠤᠳᠠᠮᠴᠢ | ᠰᠡᠳᠭᠢᠯᠭᠡ ᠪᠠᠷ ᠨᠠᠩ ᠣᠯᠠᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠢ ᠲᠡᠳᠡᠨ ᠣᠷᠣᠯᠴᠠᠭᠤᠯᠵᠤ᠂ ︽ | ᠥᠨᠳᠦᠷᠯᠢᠭ ᠭᠠᠵᠠᠷ︾ ᠲᠤ ᠯᠠᠪᠳᠠᠭᠤᠨ ᠵᠣᠭᠰᠣᠵᠤ᠂ ᠳᠠᠬᠢᠨ ︽ᠨᠣᠶᠠᠨ ᠣᠷᠭᠢᠯ︾ ᠳᠤ ᠮᠠᠴᠤᠬᠤ ᠬᠡᠷᠡᠭᠲᠡᠶ ᠭᠡᠵᠦ | ᠱᠠᠭᠠᠷᠳᠠᠪᠠ᠃ | ᠸᠠᠩ ᠯᠢ ᠰᠢᠶᠠ ᠪᠠᠶᠠᠨ ᠲᠡᠮᠦᠷ ᠤᠨ ᠠᠭᠤᠷᠬᠠᠢ᠂ ᠤᠮᠠᠷᠠᠲᠤ ᠶᠢᠨ ᠬᠤᠪᠣᠷ ᠰᠢᠷᠣᠢ᠂ ᠵᠢᠩ ᠰᠧ ᠲᠤ ᠬᠤᠪᠣᠷ | ᠰᠣᠷᠢᠨᠵᠢᠨ ᠪᠣᠯᠤᠨ ᠰᠢᠩ ᠪᠥᠸᠧ ᠬᠥᠳᠡᠯᠭᠡᠬᠦ ᠬᠦᠴᠦᠨ ᠤ ᠺᠣᠮᠫᠠᠨᠢ ᠳᠤ ᠭᠦᠨᠵᠡᠭᠡᠶᠢᠷᠡᠵᠦ᠂ ᠠᠵᠤ | ᠠᠬᠤᠶᠢᠯᠠᠯ ᠤᠨ ᠬᠢᠨ ᠢ ᠮᠠᠯᠲᠠᠬᠤ ᠪᠠ ᠦᠢᠯᠡᠳᠪᠦᠷᠢᠯᠡᠬᠦ ᠤᠶᠤᠨᠴᠢᠯᠠᠯᠳᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ | ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠤᠷᠲᠤᠳᠬᠠᠵᠤ᠂ ᠠᠵᠤ ᠦᠢᠯᠡᠰ ᠤᠨ ᠴᠤᠬᠯᠠᠷᠠᠯ ᠢ | ᠲᠦᠷᠭᠡᠳᠬᠡᠨ ᠪᠦᠷᠢᠯᠳᠦᠭᠦᠯᠬᠦ ᠬᠡᠷᠡᠭᠲᠡᠢ ᠭᠡᠵᠦ ᠵᠠᠬᠢᠪᠠ᠃ ᠠᠬᠤᠶ ᠲᠠᠯᠠᠪᠠᠶ ᠶᠢᠨ ᠠᠵᠢᠯ ᠤᠨ ᠬᠤᠷᠠᠯ ᠳᠡᠭᠡᠷ᠎ᠡ᠂ ᠸᠠᠩ | ᠯᠢ ᠰᠢᠶᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ᠂ | ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠬᠢᠴᠢᠶᠡᠩᠭᠦ᠋ᠯᠡᠨ ᠵᠢᠷᠤᠮᠯᠠᠵᠤ᠂ | ᠰᠢᠨ᠎ᠡ ᠵᠠᠮ ᠢ ᠨᠡᠭᠡᠭᠡᠬᠦ᠂ ᠳᠤᠮᠳᠠ ᠳᠦᠪᠰᠢᠨ ᠳᠤ ᠣᠷᠣᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ︽ | ᠠᠭᠤᠷᠬᠠᠢ︾ ᠠᠴᠠ ︽ᠬᠤᠪᠤᠷ ᠰᠢᠷᠣᠢ︾ ᠪᠣᠯᠬᠤ᠂ ︽ᠬᠤᠪᠤᠷ ᠰᠢᠷᠣᠢ︾ ᠠᠴᠠ ︽ᠮᠠᠲ᠋ᠧᠷᠢᠶᠠᠯ︾ ᠪᠣᠯᠬᠤ᠂ ︽ | ᠮᠠᠲ᠋ᠧᠷᠢᠶᠠᠯ︾ ᠠᠴᠠ ︽ᠬᠡᠷᠡᠭᠯᠡᠬᠡᠨ ᠤ ᠵᠦᠢᠯ︾ ᠪᠤᠯᠬᠤ ᠭᠤᠷᠪᠠᠨ ᠠᠵᠢᠯ ᠢ ᠰᠠᠶᠢᠳᠤᠷ ᠬᠢᠵᠥ᠂ ᠪᠦᠬᠦ ᠤᠯᠤᠰ ᠤᠨ | ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠤᠨ ᠪᠦᠬᠦ ᠪᠥᠮᠪᠥᠷᠴᠡᠭ ᠤᠨ | ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠪᠦᠳᠦᠭᠡᠨ | ᠪᠠᠶᠢᠭᠤᠯᠬᠤ ᠬᠡᠷᠡᠭᠲᠡᠢ᠃ ᠲᠡᠷᠢᠭᠦᠨ ᠤ ᠦᠢᠯᠡᠳᠬᠦ ᠦᠢᠯᠡᠰ ᠤᠨ ︽ᠠᠰᠢᠭ ᠦᠬᠡᠢ ᠪᠠᠶᠢᠳᠠᠯ ᠢᠶᠠᠨ ᠬᠤᠪᠢᠷᠠᠭᠤᠯᠬᠤ | ᠳᠡᠮᠡᠴᠡᠯ︾ ᠢ ᠰᠠᠶᠢᠲᠤᠷ ᠬᠢᠵᠦ᠂ ᠰᠢᠨ᠎ᠡ ᠶᠢ ᠡᠭᠦᠳᠬᠦ ᠰᠡᠳᠭᠢᠬᠦᠶ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠡᠭᠡᠷ᠎ᠡ | ᠬᠦᠴᠦ ᠲᠠᠯᠪᠢᠵᠤ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠬᠡᠷᠡᠭᠲᠡᠶ᠃ ︽ᠰᠡᠳᠭᠢᠯ ᠬᠠᠨᠤᠮᠵᠢᠲᠠᠶ ᠪᠠᠶᠢᠯᠭᠠᠬᠤ᠂ ᠰᠠᠨᠠᠭ᠎ᠠ ᠠᠮᠤᠷ ᠪᠠᠶᠢᠯᠭᠠᠬᠤ︾ ᠲᠦᠷᠦᠯ | ᠲᠡᠮᠳᠡᠭ ᠢ ᠦᠷᠭᠦᠯᠵᠢᠯᠡᠨ ᠬᠢᠯᠠᠯᠵᠠᠭᠤᠯᠵᠥ᠂ ᠣᠮᠤᠭ ᠲᠡᠭᠦᠯᠳᠡᠷ ᠢᠶᠠᠷ ᠠᠵᠤ ᠠᠬᠤᠶᠢᠯᠠᠯ ᠳᠤ ᠦᠢᠯᠡᠴᠢᠯᠡᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠥ ᠦᠭᠴᠤ᠂ ᠵᠠᠬ᠎ᠠ | ᠳᠡᠯᠭᠡᠭᠦᠷ ᠤᠯᠭᠤᠵᠥ ᠦᠭᠴᠤ᠂ ᠬᠡᠯᠬᠢᠶ᠎ᠡ ᠪᠦᠷᠢ ᠶᠢᠨ ᠬᠠᠮᠲᠤᠷᠠᠯᠴᠠᠭ᠎ᠠ᠂ ᠭᠤᠬᠴᠤᠭ᠎ᠠ ᠪᠦᠷᠢ ᠶᠢᠨ | ᠬᠠᠮᠲᠤᠷᠠᠯᠴᠠᠭ᠎ᠠ ᠶᠢ ᠠᠬᠢᠭᠤᠯᠵᠤ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠲᠤᠰᠬᠠᠶ ᠵᠠᠰᠠᠯᠲᠠ᠂ ᠣᠶ | ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠠᠶᠤᠯᠬᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ | ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠬᠡᠪᠡ᠃ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠵᠠᠢ᠃ | | |