ᠣᠶᠤᠨᠴᠢ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠵᠤ᠂ ᠳᠡᠯᠡᠬᠡᠶ ᠶᠢᠨ ᠪᠥᠮᠪᠥᠷᠴᠡᠭ ᠢᠶᠠᠨ ᠬᠠᠮᠠᠭᠠᠯᠠᠶ᠎ᠠ —2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾᠎ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/6
   2024 ᠣᠨ ᠤ 3 ᠰᠠᠷ᠎ᠠ ᠶᠢᠨ 3᠎ ᠤ ᠡᠳᠦᠷ ᠪᠣᠯ ᠠᠷᠪᠠᠨ ᠨᠢᠭᠡᠳᠡᠬᠢ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠪᠣᠯᠤᠨ᠎ᠠ᠂ ᠡᠨᠡ ᠵᠢᠯ ᠤᠨ ᠮᠠᠨ ᠤ ᠤᠯᠤᠰ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠬᠡᠭᠡᠷ᠎ᠡ ᠶᠢᠨ ᠠᠮᠢᠲᠠᠨ ᠤᠷᠭᠤᠮᠠᠯ ᠤᠨ ᠣᠶᠤᠨᠴᠢ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠤᠶ᠎ᠠ︾ ᠪᠣᠯᠤᠨ᠎ᠠ᠃
W020240305417319376173_ORIGIN.jpg
    ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾ ᠬᠦᠷᠴᠦ ᠢᠷᠡᠬᠦ ᠲᠠᠰᠢᠷᠠᠮ ᠳᠤ᠂ ᠲᠤᠰ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠣᠶ ᠰᠢᠭᠤᠶ ᠶᠢᠨ ᠡᠬᠢ ᠪᠠᠶᠠᠯᠢᠭ ᠤᠨ ᠬᠢᠨᠠᠯᠲᠠ ᠲᠠᠯᠪᠢᠬᠤ ᠲᠤᠰᠬᠠᠶ ᠲᠤᠰᠢᠶᠠᠯᠲᠠᠨ ᠤ ᠬᠡᠷᠡᠭ ᠡᠷᠬᠢᠯᠡᠬᠦ ᠭᠠᠵᠠᠷ ᠠᠴᠠ ᠭᠤᠤᠯᠯᠠᠨ ᠡᠷᠬᠢᠯᠡᠭᠰᠡᠨ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠨ ᠡᠷᠬᠢᠯᠡᠭᠰᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ ᠢ ᠬᠠᠮᠠᠭᠠᠯᠠᠬᠤ ᠨᠡᠶᠢᠭᠡᠮᠯᠢᠭ᠂ ᠬᠥᠬᠡᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠣᠠ᠂ ᠬᠤᠲᠣᠩ   ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠮᠵᠢᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ︽ᠳᠡᠯᠡᠬᠡᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠳᠦᠷ︾᠎ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠶᠡᠭᠡ ᠵᠣᠣ ᠠᠭᠤᠳᠠᠮ ᠲᠠᠯᠠᠪᠠᠶ ᠳᠤ ᠶᠠᠪᠤᠭᠳᠠᠪᠠ᠃
W020240305417319398342_ORIGIN.jpg
     ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠡᠷ ᠣᠷᠣᠨ ᠢ ᠴᠢᠷᠮᠠᠶᠢᠨ ᠪᠠᠶᠢᠭᠤᠯᠬᠤ ᠶᠢᠨ ᠲᠥᠯᠥᠭᠡ ᠶᠤᠮ᠃
W020240305417319482703_ORIGIN.jpg
     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠰᠠᠨᠠᠭᠠᠴᠢᠯᠠᠭ᠎ᠠ ᠶᠢᠨ ᠪᠢᠴᠢᠭ ᠤᠩᠰᠢᠬᠤ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠱᠠᠩᠨᠠᠯᠲᠤ ᠠᠰᠠᠭᠤᠯᠲᠠ ᠬᠠᠷᠢᠭᠤᠯᠲᠠ᠂ ᠰᠠᠶᠢᠨ ᠲᠤᠷᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ᠂ ᠤᠷᠭᠤᠮᠠᠯ ᠤᠨ ᠥᠯᠢᠭᠡᠷ ᠬᠡᠪ ᠢ ᠳᠡᠯᠭᠡᠨ ᠦᠵᠡᠭᠦᠯᠬᠦ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠮᠡᠳᠡᠯᠭᠡ ᠶᠢ ᠲᠦᠭᠡᠮᠡᠯᠵᠢᠭᠦᠯᠦᠨ᠂ ᠬᠡᠭᠡᠷ᠎ᠡ ᠶᠢᠨ ᠠᠮᠢᠲᠠᠨ ᠤᠷᠭᠤᠮᠠᠯ ᠤᠨ ᠤᠯᠠᠨ ᠶᠠᠩᠵᠤᠲᠦ ᠴᠢᠨᠠᠷ ᠢ ᠢᠯᠡᠷᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠦᠢᠯᠡᠰ ᠲᠤ ᠣᠷᠣᠯᠴᠠᠬᠤ᠂ ᠬᠡᠭᠡᠷ᠎ᠡ ᠶᠢᠨ ᠠᠮᠢᠲᠠᠨ ᠤᠷᠭᠤᠮᠠᠯ ᠢ ᠲᠠᠨᠢᠬᠤ᠂ ᠣᠶᠢᠯᠠᠭᠠᠬᠤ᠂ ᠬᠠᠶᠢᠷᠠᠯᠠᠨ ᠬᠠᠮᠠᠭᠠᠯᠠᠬᠤ ᠶᠢ ᠤᠷᠢᠶᠠᠯᠠᠪᠠ᠃ ᠲᠤᠰ ᠡᠳᠦᠷ ᠤᠨ ᠦᠳᠡ ᠶᠢᠨ ᠡᠮᠦᠨ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ  ᠦᠢᠯᠡᠳᠦᠯᠭᠡ ᠶᠢᠨ ᠰᠠᠭᠤᠷᠢᠨ︾ ᠪᠤᠯᠬᠤ ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠬᠠᠮᠠᠭᠠᠯᠠᠬᠤ ᠲᠥᠪ ᠵᠢᠩᠬᠢᠨᠢ ᠪᠠᠷ ᠫᠠᠶᠢᠰᠠ ᠡᠯᠭᠦᠪᠡ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ ᠮᠣᠩᠭᠤᠯ ᠤᠨ ᠲᠤᠰᠬᠠᠶ ᠲᠤᠰᠢᠶᠠᠯᠲᠠᠨ ᠤ ᠡᠷᠭᠢᠯᠡᠭᠰᠡᠨ ᠮᠥᠬᠦᠬᠦ ᠰᠢᠬᠠᠭᠰᠠᠨ ᠳᠦᠷᠰᠦ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠶᠢᠨ ᠢᠦᠶ ᠰᠢᠨ ᠨᠥᠬᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠴᠢᠭᠢᠭᠯᠢᠭ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠨ ᠬᠠᠮᠢᠶᠠᠷᠬᠤ ᠭᠠᠵᠠᠷ ᠤᠨ ᠳᠡᠳ᠋ ᠭᠠᠵᠠᠷ ᠤᠨ ᠳᠠᠷᠤᠭ᠎ᠠ ᠲᠢᠶᠠᠨ ᠵᠢᠶᠠᠨ ᠶᠦᠩ ᠨᠥᠬᠦᠷ ᠬᠠᠮᠲᠤ ᠪᠠᠷ ︽ᠦᠢᠯᠡᠳᠦᠯᠭᠡ ᠶᠢᠨ ᠰᠠᠭᠤᠷᠢᠨ ᠭᠠᠵᠠᠷ︾᠎ ᠲᠤ ᠫᠠᠶᠢᠰᠠ  ᠡᠯᠭᠦᠪᠡ᠃
W020240305417319425391_ORIGIN.jpg
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠢᠯᠡᠳᠦᠯᠭᠡ ᠶᠢᠨ ᠰᠠᠭᠤᠷᠢᠨ ᠭᠠᠵᠠᠷ ᠢ ᠬᠥᠬᠡᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠬᠠᠮᠠᠭᠠᠯᠠᠬᠤ ᠲᠥᠪ ᠤᠨ ᠰᠠᠭᠤᠷᠢᠨ ᠳᠡᠭᠡᠷ᠎ᠡ ᠪᠠᠶᠢᠭᠤᠯᠵᠤ᠂ ︽ᠭᠥᠯᠢᠶᠡᠨ ᠠᠪᠬᠤ᠂ ᠠᠪᠤᠷᠠᠨ ᠲᠤᠰᠠᠯᠠᠬᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ᠂ ᠰᠢᠨᠵᠢᠯᠡᠬᠦ ᠤᠬᠠᠭᠠᠨ ᠤ ᠰᠤᠳᠤᠯᠭᠠᠨ᠂ ᠤᠬᠠᠭᠤᠯᠭ᠎ᠠ ᠬᠥᠮᠦᠵᠢᠯ︾᠎ ᠤᠨ ᠣᠯᠠᠨ ᠡᠰᠢᠵᠢᠭᠰᠡᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠦᠢᠯᠡᠳᠦᠯᠭᠡ ᠶᠢᠨ ᠰᠠᠭᠤᠷᠢᠨ ᠪᠤᠯᠭᠠᠬᠤ ᠪᠠᠷ ᠵᠣᠷᠢᠯᠭ᠎ᠠ ᠪᠤᠯᠭᠠᠪᠠ᠃ ᠬᠡᠭᠡᠷ᠎ᠡ ᠶᠢᠨ ᠠᠮᠢᠲᠠᠨ ᠢ ᠠᠪᠤᠷᠠᠨ ᠬᠠᠮᠠᠭᠠᠯᠠᠬᠤ ᠲᠥᠪ 2021 ᠣᠨ ᠤ 10  ᠰᠠᠷ᠎ᠠ ᠳᠤ ᠪᠠᠶᠢᠭᠤᠯᠤᠭᠳᠠᠭᠰᠠᠨ ᠠᠴᠠ ᠨᠠᠰᠢ᠂ ᠨᠡᠶᠢᠲᠡ 134 ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠂ ᠡᠭᠦᠨ ᠳᠤ ᠳᠤᠮᠳᠠᠳᠤ ᠤᠯᠤᠰ ᠤᠨ ᠮᠥᠬᠦᠬᠦ ᠰᠢᠬᠠᠭᠰᠠᠨ ᠬᠤᠪᠣᠷ ᠴᠤᠬᠠᠭ ᠠᠮᠢᠲᠠᠨ ᠪᠣᠯᠬᠤ ᠴᠠᠭᠠᠨ ᠲᠡᠭᠡᠯᠢ᠂ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ ᠪᠣᠯᠬᠤ ᠬᠠᠷ᠎ᠠ ᠥᠷᠪᠢ᠂ ᠴᠠᠭᠠᠨ ᠳᠡᠭᠡᠯᠡᠶ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ᠂ ᠪᠤᠷᠤ ᠭᠦᠷᠦᠭᠡᠰᠦ ᠵᠡᠷᠭᠡ ᠶᠢ ᠪᠠᠭᠲᠠᠭᠠᠵᠤ᠂ 116᠎ ᠶᠢ ᠨᠢ ᠵᠠᠰᠠᠵᠤ ᠡᠳᠡᠭᠡᠷᠡᠭᠦᠯᠦᠨ᠂ ᠡᠬᠡ ᠪᠠᠶᠢᠭᠠᠯᠢ ᠳᠤ ᠨᠢ ᠲᠠᠯᠪᠢᠭᠰᠠᠨ ᠪᠠᠶᠢᠨ᠎ᠠ᠃ ᠲᠥᠪ ᠨᠢ ᠪᠠᠰᠠ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠲᠠᠢ ︽ᠬᠡᠭᠡᠷ᠎ᠡ ᠶᠢᠨ ᠠᠮᠢᠲᠠᠨ ᠢ ᠭᠥᠯᠢᠶᠡᠨ ᠠᠪᠬᠤ ᠪᠠ ᠬᠠᠮᠠᠭᠠᠯᠠᠬᠤ ᠬᠠᠮᠲᠤᠷᠠᠭᠰᠠᠨ ᠲᠣᠭᠲᠠᠴᠠ︾ ᠪᠠᠶᠢᠭᠤᠯᠪᠠ᠃ ᠦᠢᠯᠡᠳᠦᠯᠭᠡ ᠶᠢᠨ ᠰᠠᠭᠤᠷᠢᠨ ᠭᠠᠵᠠᠷ ᠪᠠᠶᠢᠭᠤᠯᠤᠭᠳᠠᠭᠰᠠᠨ ᠨᠢ ᠣᠷᠣᠨ ᠤ ᠲᠥᠪ ᠤᠨ ︽ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ︾ ᠰᠠᠶᠢᠨ ᠰᠠᠶᠢᠬᠠᠨ ᠬᠡᠷ ᠣᠷᠣᠨ ᠢ ᠬᠠᠮᠲᠤ ᠪᠠᠷ ᠴᠣᠭᠴᠠᠯᠠᠬᠤ ᠳᠤ ᠰᠠᠭᠤᠷᠢ ᠲᠠᠯᠪᠢᠵᠤ ᠥᠭᠴᠡᠶ᠃
W020240305417319452893_ORIGIN.jpg
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号