︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ︾ ᠠᠵᠢᠯᠯᠠᠭ᠎ᠠ ᠳᠤ ᠣᠷᠣᠯᠴᠠᠬᠤ ᠶᠢ ᠬᠦᠰᠡᠵᠦ ᠪᠠᠶᠢᠨ᠎ᠠ
ᠨᠡᠶᠢᠲᠡᠯᠡᠭᠰᠡᠨ ᠴᠠᠭ᠄
2024/3/7
      ᠠᠯᠪᠠᠨ ᠵᠢᠷᠤᠮ ᠤᠨ ᠮᠣᠳᠣ ᠳᠠᠷᠢᠬᠤ ᠪᠣᠯ ᠪᠥᠬᠦ ᠠᠷᠠᠳ ᠢᠶᠠᠷ ᠢᠶᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠶᠢᠨ ᠨᠢᠭᠡᠨ ᠴᠢᠬᠤᠯᠠ ᠠᠵᠢᠯᠯᠠᠭ᠎ᠠ ᠪᠣᠯᠤᠨ᠎ᠠ᠂ ᠡᠨᠡ ᠵᠢᠯ ᠤᠨ 3 ᠰᠠᠷ᠎ᠠ ᠶᠢᠨ 12᠎ ᠤᠨ ᠡᠳᠦᠷ ᠤᠨ ᠮᠣᠳᠣ ᠳᠠᠷᠢᠬᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠰᠠᠶᠢᠲᠤᠷ ᠬᠢᠵᠦ᠂ ᠮᠠᠨ ᠤ ᠣᠷᠣᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠮᠣᠳᠣ ᠳᠠᠷᠢᠬᠤ ᠡᠭᠦᠷᠭᠡ ᠪᠠᠨ ᠭᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠬᠡᠷ ᠠᠴᠠ ᠡᠯ᠎ᠡ ᠠᠶᠢᠮᠠᠭ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠢ ᠵᠣᠬᠢᠶᠠᠨ ᠪᠠᠶᠢᠭᠤᠯᠵᠤ ᠤᠷᠢᠳ ᠬᠤᠵᠢᠳ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ︾  ᠠᠵᠢᠯᠯᠠᠭ᠎ᠠ ᠶᠢ ᠰᠦᠯᠵᠢᠶᠡᠨ ᠳᠤ ᠶᠠᠪᠤᠭᠳᠠᠭᠤᠯᠵᠤ᠂ ᠠᠵᠢᠯᠯᠠᠭ᠎ᠠ ᠶᠢᠨ ᠬᠡᠪᠴᠢᠶ᠎ᠡ ᠶᠢ ᠪᠥᠬᠦ ᠣᠷᠣᠨ ᠤ ᠡᠯ᠎ᠡ ᠭᠠᠵᠠᠷ ᠲᠤ ᠦᠷᠨᠢᠬᠦᠯᠬᠦ ᠪᠣᠯᠤᠨ᠎ᠠ᠃     ᠮᠣᠳᠣ ᠳᠠᠷᠢᠬᠤ ᠡᠭᠦᠷᠭᠡ ᠪᠠᠨ  ᠭᠦᠢᠴᠡᠳᠬᠡᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠬᠠᠮᠲᠤ ᠪᠠᠷ ᠪᠥᠲᠥᠭᠡᠨ ᠪᠠᠶᠢᠭᠤᠯᠤᠶ᠎ᠠ᠃ ᠥᠷᠭᠡᠨ ᠣᠯᠠᠨ ᠺᠠᠳ᠋ᠷ ᠣᠯᠠᠨ ᠲᠦᠮᠡᠨ ᠥᠪᠥᠷ ᠮᠣᠩᠭᠤᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶ᠎ᠡ ︵http᠄// neimenggu.yiwuzhishu.cn/︶᠎ ᠎ ᠳᠤ ᠭᠠᠷᠴᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠣᠶᠢᠷ᠎ᠠ ᠬᠠᠪᠢ ᠶᠢᠨ ᠢᠶᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠵᠤ ᠪᠣᠯᠤᠨ᠎ᠠ᠃    ᠣᠯᠠᠨ ᠨᠡᠶᠢᠲᠡ ᠪᠠᠷ ᠢᠶᠠᠨ ︽ᠢᠨᠲ᠋ᠤᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ︾ ᠰᠦᠯᠵᠢᠶ᠎ᠡ ᠳᠤ ᠬᠡᠷᠬᠢᠨ ᠨᠡᠷ᠎ᠡ ᠮᠡᠳᠡᠭᠦᠯᠬᠦ ᠪᠣᠶ︖    1 . ᠬᠠᠶᠢᠭᠤᠷ ᠢᠶᠠᠷ ︽ᠥᠪᠥᠷ ᠮᠣᠩᠭᠤᠯ ᠤᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠦᠯᠵᠢᠶ᠎ᠡ︾᠎ ᠶᠢ ᠬᠠᠶᠢᠵᠤ ᠰᠦᠯᠵᠢᠶᠡᠨ ᠳᠤ ᠨᠡᠪᠳᠡᠷᠡᠬᠦ ᠪᠤᠶᠤ ᠰᠦᠯᠵᠢᠶᠡᠨ ᠤ ᠬᠠᠶ᠋ᠢᠭ http᠄//neimenggu.yiwuzhishu.cn᠎ ᠪᠠᠷ ᠰᠦᠯᠵᠢᠶᠡᠨ ᠳᠤ ᠨᠡᠪᠳᠡᠷᠡᠵᠦ ᠪᠤᠯᠤᠨ᠎ᠠ᠃
640.png
    2 . ᠰᠦᠯᠵᠢᠶᠡᠨ ᠥᠷᠲᠡᠭᠡ ᠳᠤ ᠤᠷᠤᠭᠰᠠᠨ ᠤ ᠳᠠᠷᠠᠭ᠎ᠠ᠂ ᠲᠡᠷᠢᠬᠦᠨ ᠨᠢᠭᠤᠷ ᠲᠤ ᠨᠠᠢᠮᠠᠨ ᠲᠥᠷᠥᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠪᠤᠢ᠃ ᠬᠠᠷᠠᠭᠠᠯᠵᠠᠭᠰᠠᠨ ᠬᠥᠳᠡᠯᠮᠦᠷᠢ ᠬᠠᠷᠢᠭᠤᠴᠠᠯᠭ᠎ᠠ ᠪᠠᠨ ᠭᠦᠢᠴᠡᠳᠬᠡᠬᠦ᠂ ᠡᠳ᠋ ᠮᠥᠩᠭᠦ ᠬᠠᠨᠳᠢᠪᠯᠠᠬᠤ ᠬᠠᠷᠢᠭᠤᠴᠠᠯᠭ᠎ᠠ ᠪᠠᠨ ᠭᠦᠢᠴᠡᠳᠭᠡᠬᠦ ᠬᠡᠯᠪᠡᠷᠢ ᠶᠢ ᠰᠣᠩᠭᠤᠨ ᠣᠷᠣᠯᠴᠠᠵᠤ ᠪᠣᠯᠤᠨ᠎ᠠ᠃   
2.png
     3 . ᠬᠥᠳᠡᠯᠮᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠲᠥᠷᠥᠯ ᠵᠦᠢᠯ ᠳᠤ᠂ ᠵᠢᠱᠢᠶᠡᠯᠡᠪᠡᠯ ︽ᠡᠵᠡᠨ᠎ᠡ ᠬᠤᠰᠢᠭᠤᠨ ᠤ ᠭᠠᠯᠲᠤ ᠲᠡᠷᠭᠡᠨ ᠤ ᠥᠷᠲᠡᠭᠡ ᠶᠢᠨ ᠡᠮᠦᠨᠡᠬᠢ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ︾᠎ ᠶᠢ ᠰᠣᠩᠭᠤᠵᠤ ︽ᠪᠢ ᠣᠷᠣᠯᠴᠠᠨ᠎ᠠ︾ ᠭᠡᠵᠦ ᠲᠣᠪᠴᠢᠳᠠᠪᠠᠯ᠂  ᠨᠠᠷᠢᠨ ᠪᠠᠶᠢᠳᠠᠯ ᠤᠨ ᠬᠠᠭᠤᠳᠠᠰᠤᠨ ᠳᠤ ᠣᠷᠣᠨ᠎ᠠ᠃  
3.png
    4 . ︽ᠠᠳᠡ ᠣᠴᠢᠶ᠎ᠠ︾᠎ ᠶᠢ ᠲᠤᠪᠴᠢᠳᠠᠪᠠᠯ ᠵᠤᠷᠢᠭᠰᠠᠨ ᠭᠠᠵᠠᠷ ᠤᠨ ᠢᠶᠠᠨ ᠵᠠᠮᠴᠢᠯᠠᠭᠤᠷ ᠤᠨ ᠪᠠᠶᠢᠳᠠᠯ ᠳᠤ ᠤᠷᠤᠨ᠎ᠠ᠃ ︽ᠪᠢ  ᠤᠷᠤᠯᠴᠠᠨ᠎ᠠ︾ ᠭᠡᠳᠡᠭ ᠢ ᠲᠣᠪᠴᠢᠳᠠᠪᠠᠯ ᠭᠠᠷ ᠤᠲᠠᠰᠤᠨ ᠤ ᠸᠢᠴᠠᠲ ᠰᠢᠷᠪᠢᠬᠦ ᠬᠤᠶᠠᠷ ᠬᠡᠮᠵᠢᠯᠳᠦ ᠺᠣᠳ᠋ ᠢᠶᠠᠷ ᠨᠡᠷ᠎ᠡ ᠮᠡᠳᠡᠭᠦᠯᠬᠦ ᠮᠡᠳᠡᠭᠡ ᠵᠠᠩᠭᠢ ᠪᠠᠨ ᠲᠠᠭᠯᠠᠵᠤ ᠨᠡᠷ᠎ᠡ ᠮᠡᠳᠡᠭᠦᠯᠦᠨ ᠣᠷᠣᠯᠴᠠᠵᠤ ᠪᠣᠯᠤᠨ᠎ᠠ᠃  
4.png
      5 . ᠸᠢᠴᠠᠲ ᠢᠶᠠᠷ ᠺᠣᠳ᠋ ᠰᠢᠷᠪᠢᠭᠰᠡᠨ ᠤ ᠳᠠᠷᠠᠭ᠎ᠠ ᠲᠥᠷᠥᠯ ᠵᠦᠢᠯ ᠤᠨ ᠨᠠᠷᠢᠨ ᠪᠠᠶᠢᠳᠠᠯ ᠤᠨ ᠬᠠᠭᠤᠳᠠᠰᠤ ᠭᠠᠷᠴᠤ᠂ ︽ᠪᠢ ᠣᠷᠣᠯᠴᠠᠨ᠎ᠠ︾ ᠭᠡᠳᠡᠭ ᠢ ᠳᠠᠷᠤᠵᠤ ᠨᠡᠷ᠎ᠡ ᠮᠡᠳᠡᠭᠦᠯᠬᠦ ᠬᠠᠭᠤᠳᠠᠰᠤᠨ ᠳᠤ ᠣᠷᠣᠵᠤ᠂ ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠠᠷᠤ ᠶᠢᠨ ᠵᠢᠷᠭᠤᠭᠠᠨ ᠲᠤᠭ᠎ᠠ᠂ ᠬᠠᠷᠢᠯᠴᠠᠬᠤ ᠤᠲᠠᠰᠤ ᠵᠡᠷᠭᠡ ᠶᠢ ᠲᠠᠭᠯᠠᠵᠤ᠂ ᠲᠠᠭᠯᠠᠵᠤ ᠳᠠᠭᠤᠰᠤᠭᠰᠠᠨ ᠤ ᠳᠠᠷᠠᠭ᠎ᠠ ︽  ᠲᠤᠰᠢᠶᠠᠬᠤ︾ ᠲᠣᠪᠴᠢ ᠶᠢ ᠲᠤᠪᠴᠢᠳᠠᠵᠦ ᠨᠡᠷ᠎ᠡ ᠮᠡᠳᠡᠭᠦᠯᠦᠨ᠎ᠡ᠃   
5.png
    6 . ᠡᠳ᠋ ᠮᠥᠩᠭᠦ ᠪᠠᠷ ᠲᠤᠰᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠲᠥᠷᠥᠯ ᠬᠡᠯᠪᠡᠷᠢ ᠳᠤ᠂ ᠵᠢᠱᠢᠶᠡᠯᠡᠪᠡᠯ ︽ᠠᠭᠤᠯᠠ ᠤᠰᠤ ᠪᠠᠨ ᠨᠣᠭᠤᠭᠠᠷᠠᠭᠤᠯᠵᠤ᠂ ᠤᠮᠠᠷᠠᠲᠤ ᠬᠢᠯᠢ ᠪᠠᠨ ᠰᠠᠬᠢᠨ  ᠬᠠᠮᠠᠭᠠᠯᠠᠶ᠎ᠠ︾᠎ ᠶᠢ ᠰᠣᠩᠭᠤᠨ ︽ᠡᠳ᠋ ᠮᠦᠩᠬᠦ ᠬᠠᠨᠳᠢᠪᠯᠠᠬᠤ︾᠎ ᠶᠢ ᠲᠣᠪᠴᠢᠳᠠᠵᠤ᠂ ᠨᠠᠷᠢᠨ ᠪᠠᠶᠢᠳᠠᠯ ᠤᠨ ᠬᠠᠭᠤᠳᠠᠰᠤᠨ ᠳᠤ ᠤᠷᠤᠨ᠎ᠠ᠃   
6.png
    7 . ︽ᠠᠳᠡ ᠣᠴᠢᠶ᠎ᠠ︾᠎ ᠶᠢ ᠲᠤᠪᠴᠢᠳᠠᠪᠠᠯ ᠵᠤᠷᠢᠭᠰᠠᠨ ᠭᠠᠵᠠᠷ ᠤᠨ ᠢᠶᠠᠨ ᠵᠠᠮᠴᠢᠯᠠᠭᠤᠷ ᠤᠨ ᠪᠠᠶᠢᠳᠠᠯ ᠳᠤ ᠤᠷᠤᠨ᠎ᠠ᠃ ︽  ᠡᠳ᠋ ᠮᠦᠩᠬᠦ ᠬᠠᠨᠳᠢᠪᠯᠠᠬᠤ︾ ᠎ ᠶᠢ ᠲᠣᠪᠴᠢᠳᠠᠪᠠᠯ ᠡᠳ᠋ ᠮᠦᠩᠬᠦ ᠬᠠᠨᠳᠢᠪᠯᠠᠬᠤ ᠬᠠᠭᠤᠳᠠᠰᠤᠨ ᠳᠤ ᠰᠢᠯᠵᠢᠵᠦ᠂ ᠡᠳ᠋ ᠮᠦᠩᠬᠦ ᠬᠠᠨᠳᠢᠪᠯᠠᠬᠤ ᠠᠷᠭ᠎ᠠ ᠮᠠᠶ᠋ᠢᠭ ᠢ ᠰᠣᠩᠭᠤᠵᠤ ᠪᠣᠯᠤᠨ᠎ᠠ᠃   
7.png
    8. ᠬᠡᠷᠪᠡ ︽ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ︾ ᠠᠷᠭ᠎ᠠ ᠮᠠᠶ᠋ᠢᠭ ᠢ ᠰᠣᠩᠭᠤᠪᠠᠯ᠂ ᠸᠢᠴᠠᠲ (微信)ᠪᠤᠶᠤ ᠲᠤᠭᠠᠴᠢᠯᠠᠭᠤᠷ ︵支付宝︶᠎ ᠢᠶᠠᠷ ᠳᠡᠮᠵᠢᠨ ᠺᠣᠳ᠋ ᠰᠢᠷᠪᠢᠭᠰᠡᠨ ᠤ ᠳᠠᠷᠠᠭ᠎ᠠ ᠮᠦᠩᠬᠦ ᠬᠠᠨᠳᠢᠪᠯᠠᠬᠤ ᠬᠠᠭᠤᠳᠠᠰᠤᠨ ᠳᠤ ᠣᠷᠣᠵᠤ᠂ ᠬᠠᠭᠤᠳᠠᠰᠤᠨ ᠤ ᠰᠠᠨᠠᠭᠤᠯᠤᠮᠵᠢ ᠶᠢ ᠦᠨᠳᠦᠰᠦᠯᠡᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠵᠤ᠂ ᠲᠠᠭᠯᠠᠵᠤ ᠳᠠᠭᠤᠰᠤᠭᠰᠠᠨ ᠤ ᠳᠠᠷᠠᠭ᠎ᠠ ︽  ᠪᠠᠲᠤᠯᠠᠬᠤ︾ ᠳᠠᠷᠤᠪᠴᠢ ᠶᠢ ᠳᠠᠷᠤᠵᠤ ᠮᠦᠩᠬᠦ ᠬᠠᠨᠳᠢᠪᠯᠠᠵᠤ ᠳᠠᠭᠤᠰᠤᠨ᠎ᠠ᠃
8.png
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号