| ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠥᠪᠥᠷ ᠮᠣᠩᠭᠤᠯ ᠤᠨ ᠣᠶ ᠰᠢᠭᠤᠶ ᠶᠢᠨ ᠠᠵᠤ | ᠦᠢᠯᠡᠳᠪᠦᠷᠢ ᠶᠢᠨ ᠪᠦᠯᠦᠭᠯᠡᠯ᠂ ᠬᠤᠯᠪᠣᠭᠳᠠᠯ ᠪᠥᠬᠦᠶ ᠲᠠᠷᠢᠶᠠᠯᠠᠩ ᠣᠶ ᠰᠢᠭᠤᠶ ᠶᠢᠨ ᠰᠢᠨᠵᠢᠯᠡᠬᠦ ᠤᠬᠠᠭᠠᠨ ᠤ | ᠰᠤᠳᠤᠯᠤᠯ ᠤᠨ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠣᠶ ᠮᠣᠳᠣᠨ ᠤ ᠡᠭᠦᠯᠳᠡᠷ ᠢ ᠬᠢᠨᠠᠨ | ᠲᠣᠭᠲᠠᠭᠠᠬᠤ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ | ᠡᠭᠦᠯᠳᠡᠷ ᠢ ᠬᠢᠨᠠᠨ ᠲᠣᠭᠲᠠᠭᠠᠬᠤ ᠺᠣᠮᠢᠰ ᠨᠢᠭᠡᠨᠲᠡ 2023 ᠣᠨ ᠤ ᠥᠪᠡᠷᠲᠡᠭᠡᠨ ᠵᠠᠰᠠᠬᠤ ᠣᠷᠣᠨ ᠤ ᠣᠶ | ᠮᠣᠳᠣᠨ ᠤ ᠡᠭᠦᠯᠳᠡᠷ ᠢ ᠬᠢᠨᠠᠨ ᠲᠣᠭᠲᠠᠭᠠᠬᠤ ᠡᠯ᠎ᠡ ᠵᠦᠢᠯ ᠤᠨ ᠠᠵᠢᠯ ᠢ ᠪᠡᠶᠡᠯᠡᠭᠦᠯᠪᠡ᠂ ᠡᠳᠦᠭᠡ 2023 ᠣᠨ ᠳᠤ | ᠬᠢᠨᠠᠨ ᠲᠣᠭᠲᠠᠭᠠᠵᠤ ᠪᠠᠲᠤᠯᠠᠭᠰᠠᠨ ︽ᠪᠠᠶᠠᠨᠭᠤᠣᠯ ᠤᠨ ᠦᠬᠡᠷ ᠬᠠᠷᠠᠭᠠᠨ᠎ᠠ ᠶᠢᠨ ᠡᠬᠡ ᠮᠣᠳᠣᠨ ᠤ ᠦᠷ᠎ᠡ︾ ᠵᠡᠷᠭᠡ | 9 ᠡᠭᠦᠯᠳᠡᠷ᠂ ᠮᠠᠭᠠᠳᠯᠠᠨ ᠲᠣᠭᠲᠠᠭᠠᠵᠤ ᠪᠠᠲᠤᠯᠠᠭᠰᠠᠨ ︽ᠠᠯᠲᠠᠨ ᠭᠦᠩᠵᠦ 7 ᠳ᠋ᠤᠭᠠᠷ ᠰᠡᠩᠲᠦᠩ ᠮᠤᠳᠤ︾ ᠵᠡᠷᠭᠡ | 3 ᠡᠭᠦᠯᠳᠡᠷ ᠢ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ ᠰᠢᠯᠢᠳᠡᠭ ᠡᠭᠦᠯᠳᠡᠷ ᠢᠶᠠᠷ ᠨᠡᠶᠢᠲᠡᠯᠡᠪᠡ᠃ | ᠨᠡᠶᠢᠲᠡᠯᠡᠭᠰᠡᠨ ᠡᠳᠦᠷ ᠠᠴᠠ ᠡᠬᠢᠯᠡᠨ᠂ ᠳᠡᠭᠡᠷᠡᠬᠢ 12 ᠵᠦᠢᠯ ᠤᠨ ᠡᠭᠦᠯᠳᠡᠷ ᠢ ᠤᠢ ᠮᠣᠳᠣᠨ ᠤ ᠰᠢᠯᠢᠳᠡᠭ | ᠡᠭᠦᠯᠳᠡᠷ ᠪᠣᠯᠭᠠᠨ ᠬᠡᠷᠡᠭᠯᠡᠵᠦ ᠪᠣᠯᠬᠤ ᠪᠥᠭᠡᠳ ᠲᠠᠷᠢᠬᠤ ᠳᠤ ᠲᠣᠬᠢᠷᠠᠮᠵᠢᠲᠠᠢ ᠬᠡᠪᠴᠢᠶᠡᠨ ᠳᠣᠲᠣᠷ᠎ᠠ ᠳᠡᠯᠭᠡᠷᠡᠭᠦᠯᠦᠨ | ᠲᠠᠷᠢᠵᠤ ᠪᠣᠯᠤᠨ᠎ᠠ᠃ ᠡᠭᠦᠨ ᠤ ᠬᠠᠮᠲᠤ᠂ ︽ᠭᠤᠷᠤᠬ᠎ᠠ ᠶᠢᠨ ᠨᠠᠷᠠᠰᠤᠨ ᠤ ᠦᠷ᠎ᠡ ᠶᠢᠨ ᠬᠦᠷᠢᠶᠡᠯᠡᠩ ᠤᠨ ᠦᠷ᠎ᠡ︾ | ᠶᠢᠨ ᠰᠢᠯᠢᠳᠡᠭ ᠡᠭᠦᠯᠳᠡᠷ ᠤᠨ ᠳ᠋ᠤᠭᠠᠷ ᠢ ︽ᠥᠪᠥᠷ ᠮᠣᠩᠭᠤᠯ ᠤᠨ ᠣᠢ ᠰᠢᠭᠤᠢ ᠶᠢᠨ ᠰᠢᠯᠢᠳᠡᠭ ᠡᠭᠦᠯᠳᠡᠷ ᠤᠨ 4 | ᠳ᠋ᠤᠭᠠᠷ︾ ᠪᠠᠶᠢᠭᠰᠠᠨ ᠠᠴᠠ ᠨᠢ ᠦᠭᠡᠷᠡᠴᠢᠯᠡᠨ ︽ᠦᠪᠦᠷ ᠮᠤᠩᠭᠤᠯ S - CSO ︵1︶ PT - 004 - | 2000︾ ᠭᠡᠵᠦ᠂ ᠰᠢᠯᠢᠳᠡᠭ ᠡᠭᠦᠯᠳᠡᠷ ᠤᠨ ᠦᠨᠡᠮᠯᠡᠯ ᠢ ᠳᠠᠬᠢᠨ ᠰᠢᠨ᠎ᠡ ᠪᠠᠷ ᠣᠯᠭᠤᠪᠠ᠃ | ᠣᠨᠴᠠᠭᠠᠶᠢᠯᠠᠨ ᠮᠡᠳᠡᠭᠳᠡᠪᠡ᠃ | | ᠳᠠᠭᠠᠯᠳᠤᠭᠤᠯᠤᠯ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠮᠣᠳᠣᠨ ᠤ | ᠰᠢᠯᠢᠳᠡᠭ ᠡᠭᠦᠯᠳᠡᠷ ᠤᠨ ᠨᠡᠷᠡᠰ ᠤᠨ ᠵᠢᠭᠰᠠᠭᠠᠯᠲᠠ | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ | 2024 ᠣᠨ ᠤ 3 ᠳ᠋ᠤᠭᠠᠷ ᠰᠠᠷ᠎ᠠ ᠶᠢᠨ 25 ᠤ ᠡᠳᠦᠷ |