ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠵᠠᠷ 2024 ᠣᠨ ᠤ 10 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2024/4/16
    ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠵᠦᠢᠯᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ︽ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠨᠠᠶᠢᠳᠠᠵᠤ ᠬᠡᠷᠡᠭᠵᠢᠭᠦᠯᠬᠦ ᠣᠶ ᠰᠢᠭᠤᠶ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠬᠠᠮᠢᠶᠠᠷᠤᠯᠲᠠ ᠶᠢᠨ ᠠᠷᠭ᠎ᠠ︾ ︵ᠤᠯᠤᠰ ᠤᠨ ᠣᠶ ᠰᠢᠭᠤᠶ ᠶᠢᠨ ᠲᠣᠪᠴᠢᠶ᠎ᠠ ᠶᠢᠨ ᠵᠠᠷᠯᠢᠭ 45 ᠳ᠋ᠤᠭᠠᠷ ᠲᠣᠭᠠᠲᠤ︶᠎ ᠶᠢ ᠦᠨᠳᠦᠰᠦᠯᠡᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠠᠶᠢᠳᠠᠵᠤ  ᠨᠢᠭᠡ ᠪᠦᠯᠦᠭ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠵᠢ᠊ ᠵᠦᠢᠯᠡᠰ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠪᠠᠷ ᠲᠣᠭᠲᠠᠪᠠ᠃ ᠣᠳᠣ ᠳᠣᠣᠷᠠᠬᠢ ᠮᠡᠲᠦ ᠵᠠᠷᠯᠠᠶ᠎ᠠ᠄      ᠨᠢᠭᠡ᠂ ᠨᠠᠶᠢᠳᠠᠬᠤ ᠵᠦᠢᠯᠡᠰ      ︵ᠨᠢᠭᠡ︶ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠤᠯᠭᠤᠬᠤ᠃      ︵ᠬᠤᠶᠠᠷ︶ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠳᠣᠲᠣᠷᠠᠬᠢ ᠡᠬᠢ ᠪᠠᠶᠠᠯᠢᠭ ᠢ ᠴᠤᠭᠯᠠᠭᠤᠯᠬᠤ᠂ ᠣᠭᠲᠣᠯᠬᠤ ᠶᠢ ᠬᠢᠨᠠᠨ ᠵᠥᠪᠰᠢᠶᠡᠷᠡᠬᠦ᠃        ︵ᠭᠤᠷᠪᠠ︶ ᠲᠦᠭᠡᠮᠡᠯᠵᠢᠭᠦᠯᠬᠦ ᠬᠡᠯᠪᠡᠷᠢ ᠶᠢᠨ ᠭᠠᠳᠠᠭᠠᠳᠤ ᠠᠴᠠ ᠦᠷ᠎ᠡ ᠣᠷᠣᠭᠤᠯᠵᠤ ᠲᠤᠷᠰᠢᠨ ᠲᠠᠷᠢᠬᠤ ᠴᠢᠬᠢ ᠮᠣᠳᠣᠨ ᠤ ᠬᠦᠷᠢᠶᠡᠯᠡᠩ ᠤᠨ ᠬᠢᠷᠢ ᠬᠡᠮ ᠢ ᠦᠨᠡᠯᠡᠨ ᠲᠤᠭᠲᠠᠭᠠᠬᠤ᠃     ᠬᠤᠶᠠᠷ᠂  ᠨᠠᠶᠢᠲᠠᠯᠠᠭ᠎ᠠ ᠶᠢᠨ ᠴᠠᠭ ᠬᠤᠭᠤᠴᠠᠭ᠎ᠠ      2024 ᠣᠨ ᠤ 4 ᠰᠠᠷ᠎ᠠ ᠶᠢᠨ 1᠎ ᠤ ᠡᠳᠦᠷ 2027 ᠣᠨ ᠤ 3 ᠰᠠᠷ᠎ᠠ ᠶᠢᠨ 31᠎ ᠤ ᠡᠳᠦᠷ      ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠠᠶᠢᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠳ ᠢ ᠬᠤᠪᠢᠷᠠᠭᠤᠯᠬᠤ᠂ ᠵᠣᠭᠰᠣᠭᠠᠬᠤ ᠪᠤᠶᠤ ᠵᠣᠭᠰᠣᠭᠠᠵᠤ ᠪᠣᠯᠬᠤ ᠪᠥᠭᠡᠳ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠭᠤᠷᠪᠠ᠂ ᠮᠡᠳᠡᠭᠦᠯᠬᠦ ᠠᠷᠭ᠎ᠠ ᠮᠠᠶ᠋ᠢᠭ      ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ︾ ᠵᠦᠢᠯᠡᠰ ᠤᠨ ᠭᠤᠶᠤᠴᠢᠯᠠᠭᠴᠢ ᠨᠢ ᠳᠠᠩᠰᠠᠯᠠᠭᠤᠯᠤᠭᠰᠠᠨ ᠭᠠᠵᠠᠷ ᠤᠨ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠳᠤ ᠭᠤᠶᠤᠴᠢᠯᠠᠨ ᠭᠦᠢᠴᠡᠳᠬᠡᠬᠦ ᠬᠡᠷᠡᠭᠲᠡᠶ︔ ︽ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠳᠣᠲᠣᠷᠠᠬᠢ ᠡᠬᠢ ᠪᠠᠶᠠᠯᠢᠭ ᠢ ᠴᠤᠭᠯᠠᠭᠤᠯᠬᠤ᠂ ᠣᠭᠲᠣᠯᠬᠤ ᠶᠢ ᠬᠢᠨᠠᠨ ᠵᠥᠪᠰᠢᠶᠡᠷᠡᠬᠦ︾ ᠵᠦᠢᠯᠡᠰ ᠤᠨ ᠭᠤᠶᠤᠴᠢᠯᠠᠭᠴᠢ ᠦᠷ᠎ᠡ ᠡᠳ᠋ ᠤᠨ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠳᠤ ᠭᠤᠶᠤᠴᠢᠯᠠᠨ ᠭᠦᠢᠴᠡᠳᠬᠡᠬᠦ ᠬᠡᠷᠡᠭᠲᠡᠶ︔ ︽ᠲᠦᠭᠡᠮᠡᠯᠵᠢᠭᠦᠯᠬᠦ ᠬᠡᠯᠪᠡᠷᠢ ᠶᠢᠨ ᠭᠠᠳᠠᠭᠠᠳᠤ ᠠᠴᠠ ᠦᠷ᠎ᠡ ᠣᠷᠣᠭᠤᠯᠵᠤ ᠲᠤᠷᠰᠢᠨ ᠲᠠᠷᠢᠬᠤ ᠵᠤᠯᠵᠠᠭ᠎ᠠ ᠮᠣᠳᠣᠨ ᠤ ᠬᠦᠷᠢᠶᠡᠯᠡᠩ ᠤᠨ ᠬᠢᠷᠢ ᠬᠡᠮ ᠢ ᠦᠨᠡᠯᠡᠨ ᠲᠤᠭᠲᠠᠭᠠᠬᠤ︾ ᠵᠦᠢᠯ ᠤᠨ ᠭᠤᠶᠤᠴᠢᠯᠠᠭᠴᠢ ᠨᠢ ᠴᠢᠬᠢ ᠮᠣᠳᠣᠨ ᠤ ᠬᠦᠷᠢᠶᠡᠯᠡᠩ ᠤᠨ ᠪᠠᠶᠢᠭ᠎ᠠ ᠭᠠᠵᠠᠷ ᠤᠨ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠳᠤ ᠭᠤᠶᠤᠴᠢᠯᠠᠨ ᠭᠦᠢᠴᠡᠳᠬᠡᠬᠦ ᠬᠡᠷᠡᠭᠲᠡᠶ᠃ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠶᠢᠨ ᠨᠡᠷᠡᠶᠢᠳᠦᠯ᠂ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ ᠢ ᠳᠠᠭᠠᠯᠳᠤᠭᠤᠯᠤᠯ ᠳᠤ ᠦᠵᠡ᠃      ᠳᠥᠷᠪᠡ᠂ ᠬᠢᠨᠠᠯᠲᠠ ᠬᠠᠮᠢᠶᠠᠷᠤᠯᠲᠠ      ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠨᠢ ᠵᠥᠪᠰᠢᠶᠡᠷᠡᠭᠳᠡᠭᠴᠢ ᠳᠤ ᠵᠥᠪᠰᠢᠶᠡᠷᠡᠯ ᠤᠨ ᠪᠢᠴᠢᠭ ᠢ ᠬᠦᠷᠭᠡᠬᠦ ᠳᠡᠭᠡᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠵᠡᠷᠭᠡ ᠳᠤᠨᠢ ᠬᠠᠭᠤᠯᠤᠨ ᠬᠦᠷᠭᠡᠬᠦ ᠬᠡᠷᠡᠭᠲᠡᠶ᠃ ᠡᠭᠦᠨ ᠳᠤ᠂ ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ  ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠷᠭᠤᠭᠤᠯᠤᠨ ᠣᠯᠭᠤᠬᠤ︾᠎ ᠶᠢ ᠭᠦᠢᠴᠡᠳᠬᠡᠬᠦ ᠳᠤ ᠪᠠᠰᠠ 5 ᠠᠵᠢᠯᠯᠠᠬᠤ ᠡᠳᠦᠷ ᠤᠨ ᠳᠣᠲᠣᠷ᠎ᠠ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠬᠠᠮᠢᠶᠠᠷᠤᠯᠲᠠ ᠶᠢᠨ ᠰᠢᠰᠲ᠋ᠧᠮ ᠳᠤ ᠭᠤᠶᠤᠴᠢᠯᠠᠭᠰᠠᠨ ᠮᠡᠳᠡᠭᠡ ᠵᠠᠩᠭᠢ ᠵᠢᠴᠢ ᠦᠨᠡᠮᠯᠡᠯ ᠣᠯᠭᠤᠭᠰᠠᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠬᠡᠷᠡᠭᠲᠡᠶ᠃ ᠨᠠᠶᠢᠳᠠᠯᠭ᠎ᠠ ᠬᠦᠯᠢᠶᠡᠭᠰᠡᠨ  ᠪᠠᠶᠢᠭᠤᠯᠭ᠎ᠠ ᠨᠢ ᠵᠢᠯ ᠪᠦᠷᠢ ᠶᠢᠨ 1 ᠰᠠᠷ᠎ᠠ ᠶᠢᠨ 20᠎ ᠤ ᠡᠳᠦᠷ ᠠᠴᠠ ᠡᠮᠦᠨ᠎ᠡ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠳᠡᠭᠡᠷ᠎ᠡ ᠵᠢᠯ ᠤᠨ ᠬᠢᠨᠠᠨ ᠵᠥᠪᠰᠢᠶᠡᠷᠡᠭᠰᠡᠨ ᠪᠠᠶᠢᠳᠠᠯ ᠤᠨ ᠲᠤᠭ᠎ᠠ ᠪᠠᠷᠢᠮᠲᠠ ᠵᠢᠴᠢ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠶᠢᠳᠠᠯᠭ᠎ᠠ ᠪᠠᠷ ᠬᠢᠨᠠᠯᠲᠠ ᠲᠠᠯᠪᠢᠬᠤ ᠠᠷᠭ᠎ᠠ︾᠎ ᠶᠢ ᠦᠨᠳᠦᠰᠦᠯᠡᠨ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠥᠪᠰᠢᠶᠡᠷᠡᠭᠳᠡᠭᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃      ᠲᠠᠪᠤ᠂ ᠪᠤᠰᠤᠳ ᠵᠦᠢᠯᠡᠰ      ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ 2024 ᠣᠨ ᠤ 3 ᠰᠠᠷ᠎ᠠ ᠶᠢᠨ 31᠎ ᠤ ᠡᠳᠦᠷ ᠠᠴᠠ ᠡᠮᠦᠨ᠎ᠡ ᠭᠥᠯᠢᠶᠡᠨ ᠠᠪᠴᠤ  ᠰᠢᠢᠳᠪᠦᠷᠢᠯᠡᠬᠦ ᠭᠤᠶᠤᠴᠢᠯᠠᠯ ᠢ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠦᠷᠭᠦᠯᠵᠢᠯᠡᠨ ᠭᠦᠢᠴᠡᠳᠬᠡᠨ᠎ᠡ᠃ 2024 ᠣᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠣᠰ ᠠᠯᠪᠠᠨ ᠵᠠᠷ ᠲᠤ ᠨᠠᠶᠢᠳᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠡᠯ᠎ᠡ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠲᠣᠰ ᠠᠯᠪᠠᠨ ᠵᠠᠷ ᠶᠣᠰᠣᠭᠠᠷ ᠳᠡᠭᠡᠷ᠎ᠡ ᠳᠤᠷᠠᠳᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ  ᠰᠢᠢᠳᠪᠦᠷᠢᠯᠡᠬᠦ ᠶᠢᠨ ᠬᠠᠮᠲᠤ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠭᠦᠢᠴᠡᠳᠬᠡᠬᠦ ᠵᠦᠭᠯᠡᠭᠦᠷ ︵2023 ᠣᠨ ᠤ ᠬᠡᠪᠯᠡᠯ︶︾ ︵ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠵᠠᠷ 2023 ᠣᠨ ᠤ 11 ᠳ᠋ᠦ᠋ᠭᠡᠷ ᠲᠣᠭᠠᠲᠤ︶᠎ ᠢ ᠦᠨᠳᠦᠰᠦᠯᠡᠨ ᠬᠢᠨᠠᠨ ᠬᠠᠷᠭᠤᠭᠤᠯᠵᠤ ᠭᠦᠢᠴᠡᠳᠬᠡᠨ᠎ᠡ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃         ᠳᠠᠭᠠᠯᠳᠤᠭᠤᠯᠤᠯ᠄ ᠨᠠᠶᠢᠳᠠᠯᠭ᠎ᠠ ᠬᠦᠯᠢᠶᠡᠭᠰᠡᠨ ᠪᠠᠶᠢᠭᠤᠯᠭ᠎ᠠ ᠶᠢᠨ ᠨᠡᠷᠡᠶᠢᠳᠦᠯ᠂ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ                   ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                   2023 ᠣᠨ ᠤ 3 ᠳ᠋ᠤᠭᠠᠷ ᠰᠠᠷ᠎ᠠ ᠶᠢᠨ 29᠎ ᠤ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号