ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2024/4/16
     2024 ᠣᠨ ᠤ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤ ᠶᠢᠨ ᠮᠠᠨ ᠤ ᠣᠷᠣᠨ ᠳᠤ ᠤᠷᠤᠭᠰᠢᠲᠠᠶ ᠨᠡᠭᠦᠳᠡᠯᠯᠡᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠡᠭᠦᠳᠡᠯ ᠤᠨ ᠰᠢᠪᠠᠭᠤ ᠶᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠨᠠᠶᠢᠳᠠᠪᠤᠷᠢᠵᠢᠭᠤᠯᠵᠤ᠂ ᠨᠡᠭᠦᠳᠡᠯ ᠤᠨ ᠰᠢᠪᠠᠭᠤ ᠶᠢ ᠨᠡᠭᠦᠯᠭᠡᠨ ᠬᠠᠮᠠᠭᠠᠯᠠᠬᠤ ᠠᠵᠢᠯ ᠢ ᠴᠢᠩᠭᠠᠳᠬᠠᠪᠠ᠃    ᠨᠢᠭᠡ ᠳᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠡᠯ᠎ᠡ ᠭᠠᠵᠠᠷ ᠤᠨ ᠨᠡᠭᠦᠳᠡᠯ ᠤᠨ ᠰᠢᠪᠠᠭᠤᠳ ᠤᠨ ᠨᠡᠭᠦᠳᠡᠯᠯᠡᠵᠦ ᠪᠠᠶᠢᠭ᠎ᠠ ᠪᠠᠶᠢᠳᠠᠯ ᠲᠠᠢ ᠤᠶᠠᠯᠳᠤᠭᠤᠯᠤᠨ᠂ ᠣᠶ ᠰᠢᠭᠤᠶ ᠬᠠᠮᠠᠭᠠᠯᠠᠭᠴᠢ᠂ ᠨᠤᠲᠤᠭ ᠪᠡᠯᠴᠢᠭᠡᠷ ᠬᠠᠮᠢᠶᠠᠷᠤᠭᠴᠢ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ᠂ ᠣᠷᠣᠰᠢᠨ ᠠᠮᠢᠳᠤᠷᠠᠬᠤ ᠭᠠᠵᠠᠷ ᠵᠡᠷᠭᠡ  ᠳᠤ ᠨᠡᠭᠦᠳᠡᠯ ᠤᠨ ᠰᠢᠪᠠᠭᠤᠳ ᠤᠨ ᠠᠮᠤᠷ ᠲᠦᠪᠰᠢᠨ ᠢᠶᠠᠷ ᠨᠡᠭᠦᠳᠡᠯᠯᠡᠬᠦ ᠶᠢ ᠪᠠᠲᠤᠯᠠᠪᠠ᠃    ᠬᠤᠶᠠᠷ ᠲᠤ᠂ ᠰᠢᠪᠠᠭᠤᠨ ᠤ ᠲᠥᠷᠥᠯ ᠢ ᠬᠢᠨᠠᠨ ᠬᠡᠮᠵᠢᠬᠦ ᠠᠵᠢᠯ ᠢ ᠦᠷᠨᠢᠬᠦᠯᠪᠡ᠃ ᠡᠯ᠎ᠡ ᠭᠠᠵᠠᠷ ᠤᠨ ᠨᠡᠭᠦᠳᠡᠯ ᠤᠨ ᠰᠢᠪᠠᠭᠤᠨ ᠤ ᠨᠡᠭᠦᠳᠡᠯᠯᠡᠭᠰᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ 3 ᠰᠠᠷ᠎ᠠ ᠶᠢᠨ 20᠎ ᠤ ᠡᠳᠦᠷ ᠠᠴᠠ 4 ᠰᠠᠷ᠎ᠠ ᠶᠢᠨ 10᠎ ᠤ ᠡᠳᠦᠷ ᠪᠣᠯᠲᠠᠯ᠎ᠠ ᠪᠥᠬᠦ ᠣᠷᠣᠨ ᠤ ᠬᠡᠪᠴᠢᠶᠡᠨ ᠳᠤ ᠬᠠᠪᠤᠷ ᠤᠨ ᠤᠯᠠᠷᠢᠯ ᠤᠨ ᠤᠰᠤᠨ ᠰᠢᠪᠠᠭᠤ ᠶᠢ ᠪᠠᠶᠢᠴᠠᠭᠠᠬᠤ ᠠᠵᠢᠯ ᠢ ᠥᠷᠨᠢᠭᠦᠯᠵᠦ᠂ ᠲᠤᠭᠠᠯᠠᠵᠤ ᠪᠦᠷᠢᠳᠬᠡᠬᠦ᠂ ᠠᠵᠢᠭᠯᠠᠨ ᠬᠡᠮᠵᠢᠬᠦ ᠠᠷᠭ᠎ᠠ ᠪᠠᠷ ᠳᠠᠮᠵᠢᠭᠤᠯᠤᠨ᠂ ᠡᠯ᠎ᠡ ᠭᠠᠵᠠᠷ ᠤᠨ ᠤᠰᠤᠨ ᠰᠢᠪᠠᠭᠤᠨ ᠤ ᠲᠠᠷᠬᠠᠯᠲᠠ ᠶᠢᠨ ᠪᠠᠶᠢᠳᠠᠯ᠂ ᠣᠷᠣᠰᠢᠨ ᠠᠮᠢᠳᠤᠷᠠᠬᠤ ᠭᠠᠵᠠᠷ ᠤᠨ ᠪᠠᠶᠢᠳᠠᠯ᠂ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ᠂ ᠨᠦᠯᠦᠭᠡᠯᠡᠬᠦ ᠬᠦᠴᠦᠨ ᠵᠦᠢᠯ᠂ ᠰᠦᠷᠳᠡᠬᠦᠯᠬᠦ ᠡᠲᠡᠭᠡᠳ ᠵᠡᠷᠭᠡ ᠳᠤ ᠬᠢᠨᠠᠨ ᠬᠡᠮᠵᠢᠯᠲᠡ ᠬᠢᠵᠦ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠰᠢᠪᠠᠭᠤᠨ ᠤ ᠲᠥᠷᠥᠯ ᠢ ᠬᠠᠮᠠᠭᠠᠯᠠᠭᠰᠠᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠪᠡ᠃    ᠭᠤᠷᠪᠠ ᠳᠤ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠪᠠ᠃ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ 11 ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽︿ᠤᠷᠢᠬᠠᠨ ᠰᠠᠯᠬᠢ ᠠᠵᠢᠯᠯᠠᠭ᠎ᠠ 2024﹀᠎ ᠶᠢ ᠥᠷᠨᠢᠭᠦᠯᠬᠦ ᠲᠤᠬᠠᠶ ᠮᠡᠳᠡᠭᠳᠡᠯ︾᠎ ᠢ ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ᠂ ᠡᠯ᠎ᠡ ᠱᠠᠲᠤᠨ ᠤ ᠣᠶ ᠰᠢᠭᠤᠶ ᠪᠠ ᠨᠤᠲᠤᠭ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ᠂ ᠰᠢᠪᠠᠭᠤᠳ ᠢ ᠳᠤᠷ᠎ᠠ ᠪᠠᠷ ᠢᠶᠠᠨ ᠠᠩᠨᠠᠬᠤ᠂ ᠰᠢᠪᠠᠭᠤᠨ ᠤ ᠲᠥᠷᠥᠯ ᠵᠡᠷᠭᠡ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠦᠢᠯᠡᠳᠬᠦᠨ ᠢ ᠬᠠᠤᠯᠢ ᠪᠤᠰᠤ ᠪᠠᠷ ᠠᠷᠠᠯᠵᠢᠶᠠᠯᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃     ᠳᠥᠷᠪᠡ ᠳᠤ ᠤᠬᠠᠭᠤᠯᠭ᠎ᠠ ᠬᠥᠮᠦᠵᠢᠯ ᠢ  ᠴᠢᠩᠭᠠᠷᠠᠭᠤᠯᠪᠠ᠃ ︽ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠳᠡᠯ ᠤᠨ ᠰᠢᠪᠠᠭᠤ ᠶᠢ ᠬᠠᠮᠠᠭᠠᠯᠠᠬᠤ︾᠎ ᠪᠠᠷ ᠭᠤᠤᠯ ᠰᠡᠳᠦᠪ ᠪᠣᠯᠭᠠᠨ ᠡᠯ᠎ᠡ ᠭᠠᠵᠠᠷ ᠤᠨ ᠬᠢᠨ ᠤ 2024 ᠣᠨ ᠤ ︽ᠰᠢᠪᠠᠭᠤ ᠶᠢ ᠬᠠᠶᠢᠷᠠᠯᠠᠬᠤ ᠭᠠᠷᠠᠭ︾᠎ ᠤᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠴᠤ᠂ ︽ᠨᠠᠰᠤᠨ ᠳᠤ ᠥᠯᠥ ᠬᠦᠷᠦᠭᠰᠡᠳ ᠤᠨ ᠠᠮᠢ ᠠᠬᠤᠶ ᠶᠢᠨ ᠶᠣᠰᠣ ᠮᠣᠷᠠᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾᠂ ︽ᠪᠠᠶᠢᠭᠠᠯᠢ ᠶᠢ ᠲᠠᠨᠢᠭᠤᠯᠤᠭᠴᠢ︾ ᠵᠢᠴᠢ ︽ᠪᠥᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ︾᠎ ᠤ ᠦᠢᠯᠡᠳᠦᠯ ᠢ  ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠢ ᠢᠳᠡᠪᠬᠢᠲᠡᠶ ᠳᠠᠶᠢᠴᠢᠯᠠᠨ ᠰᠢᠪᠠᠭᠤᠨ ᠤ ᠲᠥᠷᠥᠯ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠢᠯᠡᠰ ᠲᠤ ᠣᠷᠣᠯᠴᠠᠭᠤᠯᠤᠨ᠎ᠠ᠃ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠬᠠᠮᠠᠭᠠᠯᠠᠯᠲᠠ ᠶᠢ ᠴᠢᠩᠭᠠᠳᠬᠠᠬᠤ ᠪᠠᠷ ᠳᠠᠮᠵᠢᠨ᠂ ᠮᠠᠨ ᠤ ᠣᠷᠣᠨ ᠤ ᠬᠡᠰᠡᠭ ᠭᠠᠵᠠᠷ ᠣᠷᠣᠨ ᠤ ᠬᠠᠪᠤᠷ ᠤᠨ ᠤᠯᠠᠷᠢᠯ ᠤᠨ ᠨᠡᠭᠦᠳᠡᠯ ᠤᠨ ᠰᠢᠪᠠᠭᠤᠳ ᠤᠨ ᠲᠤᠭ᠎ᠠ ᠬᠡᠮᠵᠢᠶ᠎ᠡ ᠥᠩᠭᠡᠷᠡᠭᠰᠡᠨ ᠵᠢᠯ ᠤᠨ ᠬᠢ ᠠᠴᠠ ᠡᠳᠦᠶ ᠲᠡᠳᠦᠶ ᠨᠡᠮᠡᠭᠳᠡᠵᠦ᠂ ᠬᠡᠭᠡᠷ᠎ᠡ ᠶᠢᠨ ᠠᠮᠢᠲᠠᠨ ᠢ ᠬᠠᠮᠠᠭᠠᠯᠠᠭᠰᠠᠨ ᠦᠷ᠎ᠡ ᠪᠦᠲᠦᠭᠡᠯ ᠤᠯᠠᠮ ᠨᠢᠭᠡ ᠠᠯᠬᠤᠮ ᠪᠠᠬᠢᠵᠢᠪᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号