ᠲᠣᠪᠴᠢᠶᠠᠨ ᠳᠠᠷᠤᠭ᠎ᠠ ᠸᠠᠩ ᠵᠤᠤ ᠱᠧᠩ《ᠰᠢᠷᠭᠤᠯᠵᠢ ᠪᠦᠯᠦᠭᠯᠡᠯ︾᠎ ᠤᠨ ᠨᠡᠷ᠎ᠡ ᠬᠦᠨᠳᠦᠲᠦ ᠳᠡᠳ᠋ ᠶᠡᠷᠦᠩᠬᠡᠢ ᠵᠠᠬᠢᠷᠤᠭᠴᠢ᠂ ᠦᠷᠭᠦᠯᠵᠢᠯᠡᠬᠦ ᠬᠥᠭᠵᠢᠯᠲᠡ ᠶᠢᠨ ᠲᠡᠷᠢᠭᠦᠨ ᠲᠤᠰᠢᠶᠠᠯᠲᠠᠨ ᠫᠧᠩ ᠢ ᠵᠢᠶᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/17
 
    W020240415551219845340.jpg
     4 ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ《ᠰᠢᠷᠭᠤᠯᠵᠢ ᠪᠦᠯᠦᠭᠯᠡᠯ︾᠎ ᠤᠨ ᠨᠡᠷ᠎ᠡ ᠬᠦᠨᠳᠦᠲᠦ ᠳᠡᠳ᠋ ᠶᠡᠷᠦᠩᠬᠡᠶ ᠵᠠᠬᠢᠷᠤᠭᠴᠢ᠂ ᠦᠷᠭᠦᠯᠵᠢᠯᠡᠬᠦ ᠬᠥᠭᠵᠢᠯᠲᠡ ᠶᠢᠨ ᠲᠦᠷᠦᠭᠦᠦ ᠲᠤᠰᠢᠶᠠᠯᠲᠠᠨ ᠫᠧᠩ ᠢ ᠵᠢᠶᠧ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ ᠲᠦᠷᠭᠡᠳᠬᠡᠬᠦ ᠲᠤᠬᠠᠶ ᠰᠠᠨᠠᠯ ᠢᠶᠠᠨ ᠰᠣᠯᠢᠯᠴᠠᠪᠠ᠃ ᠸᠠᠩ ᠵᠣᠣ ᠱᠧᠩ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠮᠦᠨ᠎ᠡ ᠠᠴᠠ ᠫᠧᠩ ᠢ ᠵᠢᠶᠧ ᠨᠡᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ︽ᠰᠢᠷᠭᠤᠯᠵᠢ ᠪᠦᠯᠦᠭᠯᠡᠯ︾᠎ ᠤᠨ ᠬᠢᠨ ᠤ ᠣᠯᠠᠨ ᠵᠢᠯ ᠤᠨ ᠲᠤᠷᠰᠢ ᠥᠪᠥᠷ ᠮᠣᠩᠭᠤᠯ ᠤᠨ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠫᠧᠩ ᠢ ᠵᠢᠶᠧ ᠠᠪᠠᠭ᠋ᠠᠢ ︽ᠰᠢᠷᠭᠤᠯᠵᠢ ᠪᠦᠯᠦᠭᠯᠡᠯ︾᠎ ᠤᠨ ᠪᠠᠶᠢᠳᠠᠯ ᠪᠣᠯᠤᠨ ᠰᠢᠷᠭᠤᠯᠵᠢ ᠶᠢᠨ ᠤᠢ ᠰᠢᠭᠤᠢ ᠶᠢᠨ ᠲᠦᠷᠦᠯ ᠵᠦᠢᠯ ᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠯᠡᠭᠡ ᠶᠢ ᠲᠠᠨᠢᠯᠴᠠᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠠᠭᠤᠯᠵᠠᠯᠲᠠ ᠳᠤ ᠣᠷᠣᠯᠴᠠᠭᠰᠠᠨ ᠪᠥᠭᠡᠳ ᠮᠠᠨ ᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠠᠨᠢᠯᠴᠠᠭᠤᠯᠪᠠ᠃
W020240415551219882805.jpg
     ᠸᠠᠩ ᠵᠤᠤ ᠱᠧᠩ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ  ᠲᠤᠪᠴᠢᠶ᠎ᠠ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠰᠡᠷᠭᠦᠨ ᠮᠠᠨᠳᠤᠯᠲᠠ᠂ ᠳᠤᠮᠳᠠᠳᠤ ᠶᠢᠨ ᠦᠨᠳᠦᠰᠦᠲᠡᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠡᠷᠬᠢᠮ ᠳᠡᠭᠡᠳᠦ ᠦᠢᠯᠡᠰ ᠢ ᠰᠠᠶᠢᠲᠤᠷ ᠪᠦᠳᠦᠭᠡᠨ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ ᠥᠩᠭᠡᠷᠡᠭᠰᠡᠨ ᠳᠤ ︽ᠰᠢᠷᠭᠤᠯᠵᠢ ᠪᠦᠯᠦᠭᠯᠡᠯ︾᠎ ᠎ ᠲᠠᠢ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ᠂ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠤᠶᠢᠵᠢᠭᠤᠯᠤᠯᠳᠠ︾ ᠵᠡᠷᠭᠡ ᠲᠠᠯ᠎ᠠ ᠪᠠᠷ ᠬᠠᠮᠲᠤᠷᠠᠯᠴᠠᠭ᠎ᠠ ᠲᠠᠢ ᠪᠠᠶᠢᠵᠤ᠂ ᠲᠠᠷᠠᠭᠠᠴᠢ ᠶᠢᠨ ᠠᠯᠬᠤᠮ ᠳᠤ 200 ᠲᠦᠮᠡᠨ ᠮᠥ ︽ᠰᠢᠷᠭᠤᠯᠵᠢ ᠶᠢᠨ ᠣᠶ ᠰᠢᠭᠤᠶ ︾ ᠨᠡᠶᠢᠲᠡ ᠶᠢᠨ ᠠᠰᠠᠷᠠᠮᠵᠢ ᠶᠢᠨ ᠮᠣᠳᠣ ᠳᠠᠷᠢᠬᠤ ᠲᠥᠷᠥᠯ ᠵᠦᠢᠯ ᠢ ᠲᠦᠷᠭᠡᠪᠴᠢᠯᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠷᠭᠦᠯᠵᠢᠯᠡᠨ ᠠᠬᠢᠭᠤᠯᠬᠤ ᠪᠣᠯᠤᠨ᠎ᠠ᠃
W020240415551220287213.jpg
     ᠣᠳᠣᠬᠠᠨ ᠳᠤ᠂ ᠪᠢᠳᠡ ᠶᠠᠭ ᠰᠠᠶᠢᠬᠠᠨ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠢᠳᠡᠪᠬᠢᠲᠡᠶ ᠪᠠᠷ ᠳᠠᠶᠢᠴᠢᠯᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠣᠷᠣᠯᠴᠠᠭᠤᠯᠵᠤ ᠪᠠᠶᠢᠨ᠎ᠠ᠂ ᠰᠢᠷᠭᠤᠯᠵᠢ ᠪᠦᠯᠦᠭᠯᠡᠯ ᠤᠨ ᠬᠢᠨ ᠲᠤᠰ ᠪᠡᠶ᠎ᠡ ᠶᠢᠨ ᠨᠥᠯᠥᠭᠡᠯᠡᠬᠦ ᠬᠦᠴᠦᠨ ᠢᠶᠠᠨ ᠪᠠᠳᠠᠷᠠᠭᠤᠯᠵᠤ᠂ ᠪᠦᠬᠦ ᠤᠯᠤᠰ ᠤᠨ ᠬᠡᠪᠴᠢᠶᠡᠨ ᠳᠤ ᠬᠠᠨᠳᠢᠪ ᠴᠤᠭᠯᠠᠭᠤᠯᠬᠤ ᠠᠵᠢᠯᠯᠠᠭ᠎ᠠ ᠥᠷᠨᠢᠭᠦᠯᠵᠦ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠰᠠᠭᠤᠷᠢ ᠮᠥᠩᠭᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠰᠡᠵᠦ ᠪᠠᠶᠢᠨ᠎ᠠ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠲᠤᠪᠠᠷ ᠪᠠᠬᠢᠵᠢᠭᠦᠯᠵᠦ᠂ ᠤᠮᠠᠷᠠᠲᠤ ᠬᠢᠯᠢ ᠶᠢᠨ ᠪᠥᠲᠥᠭᠡᠨ ᠪᠠᠶᠢᠭᠤᠯᠤᠯᠳᠠ ᠶᠢ ᠠᠬᠢᠭᠤᠯᠤᠨ᠎ᠠ᠃ ᠫᠧᠩ ᠢ ᠵᠢᠶᠧ ᠠᠪᠠᠭ᠋ᠠᠢ᠂  ︽ᠰᠢᠷᠭᠤᠯᠵᠢ ᠪᠦᠯᠦᠭᠯᠡᠯ︾ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠤᠭᠤᠭᠠᠷᠠᠭᠤᠯᠤᠯᠲᠠ ᠶᠢ ᠠᠬᠢᠭᠤᠯᠬᠤ ᠬᠠᠮᠲᠤᠷᠠᠯᠴᠠᠭᠠᠨ ᠤ ᠬᠠᠷᠢᠯᠴᠠᠭ᠎ᠠ ᠶᠢ ᠪᠤᠢ ᠪᠣᠯᠭᠠᠨ᠎ᠠ᠃ ᠢᠷᠡᠭᠡᠳᠦᠢ ᠳᠤ ︽ᠰᠢᠷᠭᠤᠯᠵᠢ ᠪᠦᠯᠦᠭᠯᠡᠯ︾᠎  ︽ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾᠎ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠤᠷᠤᠯᠴᠠᠯᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ︽ᠭᠡᠷᠡᠯᠴᠢ ᠴᠡᠨᠡᠭ +︾ ᠵᠡᠷᠭᠡ ᠭᠤᠷᠪᠠᠨ ᠠᠵᠢᠯ ᠢ ᠰᠠᠶᠢᠲᠤᠷ ᠬᠢᠬᠦ ᠪᠠᠷ ᠲᠠᠮᠵᠢᠨ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠦᠢᠯᠡᠰ ᠲᠤ ᠣᠷᠣᠯᠴᠠᠵᠤ᠂ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号