ᠥᠪᠥᠷ ᠮᠣᠩᠭᠤᠯ ︽4 . 15᠎ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ︾᠎ ᠶᠢᠨ  ᠠᠰᠠᠭᠤᠯᠳᠠ ᠬᠠᠷᠢᠭᠤᠯᠲᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/4/18
     ᠡᠨᠡ ᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠤᠢ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 4 ᠰᠠᠷ᠎ᠠ ᠶᠢᠨ 15᠎ ᠤ ᠶᠢᠰᠦᠳᠦᠭᠡᠷ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠢ ᠤᠭᠲᠤᠬᠤ ᠶᠢᠨ ᠲᠥᠯᠥᠭᠡ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶ᠎ᠠ ᠶᠢᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠠᠴᠠ ᠤᠢ ᠰᠢᠭᠤᠢ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠮᠡᠳᠡᠯᠭᠡ ᠶᠢᠨ ᠠᠰᠠᠭᠤᠯᠳᠠ  ᠬᠠᠷᠢᠭᠤᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠶᠡᠷᠦᠩᠬᠡᠶ ᠥᠷᠲᠡᠭᠡ ᠨᠢ ᠲᠣᠰ ᠤᠳᠠᠭᠠᠨ ᠤ ᠠᠰᠠᠭᠤᠯᠳᠠ ᠬᠠᠷᠢᠭᠤᠯᠲᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠠᠶᠢᠮᠠᠭ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠨᠡᠶᠢᠭᠡᠮ ᠨᠡᠶᠢᠲᠡ ᠶᠢ ᠥᠷᠭᠡᠨ ᠢᠶᠠᠷ ᠳᠠᠶᠢᠴᠢᠯᠠᠨ 4 ᠰᠠᠷ᠎ᠠ ᠶᠢᠨ 1᠎ ᠤ ᠡᠳᠦᠷ ᠠᠴᠠ 10᠎ ᠤ ᠡᠳᠦᠷ ᠪᠣᠯᠲᠠᠯ᠎ᠠ᠂ ︽4 . 15᠎ ᠤ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ︾᠎ ᠶᠢᠨ ᠠᠰᠠᠭᠤᠯᠳᠠ ᠬᠠᠷᠢᠭᠤᠯᠲᠠ ᠶᠢᠨ ᠠᠵᠢᠯᠯᠠᠭ᠎ᠠ ᠳᠤ ᠤᠷᠤᠯᠴᠠᠵᠤ᠂ ᠸᠢᠴᠠᠲ᠂ ᠴᠤᠤᠷᠢᠶ᠎ᠠ ︵抖音) ᠵᠡᠷᠭᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ᠂ ᠢᠳᠡᠪᠬᠢᠲᠡᠶ ᠤᠬᠠᠭᠤᠯᠪᠠ᠃ ᠠᠵᠢᠯᠯᠠᠭ᠎ᠠ ᠳᠤ 1200 ᠭᠠᠷᠤᠶ ᠬᠥᠮᠦᠨ ᠣᠷᠣᠯᠴᠠᠵᠤ᠂ 3400 ᠰᠢᠬᠠᠮ ᠬᠥᠮᠦᠨ ᠤᠳᠠᠭ᠎ᠠ ᠰᠡᠳᠦᠪ ᠬᠠᠷᠢᠭᠤᠯᠪᠠ᠃     ᠲᠣᠰ ᠤᠳᠠᠭᠠᠨ ᠤ ᠠᠰᠠᠭᠤᠯᠳᠠ ᠬᠠᠷᠢᠭᠤᠯᠲᠠ ᠶᠢᠨ ᠠᠵᠢᠯᠯᠠᠭ᠎ᠠ ᠶᠢᠨ ᠠᠭᠤᠯᠭ᠎ᠠ ᠨᠢ ᠭᠤᠤᠯᠳᠠᠭᠤ ︽ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ︾᠂ ︽ᠣᠶ ᠰᠢᠭᠤᠶ ᠶᠢᠨ ᠬᠠᠤᠯᠢ︾᠂ ︽ᠤᠷᠭᠤᠮᠠᠯ ᠤᠨ ᠬᠢᠵᠢᠭ ᠪᠠᠶᠢᠴᠠᠭᠠᠬᠤ ᠲᠦᠷᠢᠮ︾᠂ ︽ᠲᠠᠷᠢᠶᠠᠨ ᠡᠮ ᠢ ᠠᠮᠤᠷ ᠲᠦᠪᠰᠢᠨ ᠢᠶᠠᠷ ᠬᠡᠷᠡᠭᠯᠡᠬᠦ ᠲᠦᠷᠢᠮ︾᠂ ︽ᠨᠠᠷᠠᠰᠤᠨ ᠮᠠᠲ᠋ᠧᠷᠢᠶᠠᠯ ᠤᠨ ᠤᠲᠠᠰᠤᠯᠢᠭ ᠬᠤᠷᠣᠬᠠᠶ ᠶᠢᠨ ᠡᠪᠡᠳᠴᠢᠨ ᠤ ᠬᠢᠵᠢᠭᠲᠦ ᠣᠷᠣᠨ ᠪᠠ ᠬᠢᠵᠢᠭᠲᠦ ᠮᠣᠳᠣᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠤᠷᠢᠨ ᠳᠤ ᠶᠠᠪᠤᠭᠳᠠᠪᠠ᠃ ᠲᠣᠰ ᠤᠳᠠᠭᠠᠨ ᠤ ᠠᠰᠠᠭᠤᠯᠳᠠ ᠬᠠᠷᠢᠭᠤᠯᠲᠠ ᠶᠢᠨ ᠠᠵᠢᠯᠯᠠᠭ᠎ᠠ ᠳᠤ ᠣᠷᠣᠯᠴᠠᠬᠤ ᠪᠠᠷ ᠳᠡᠮᠵᠢᠨ᠂ ᠲᠤᠬᠠᠶᠢᠯᠠᠭᠰᠠᠨ ᠠᠵᠢᠯ ᠤᠨ ᠠᠵᠢᠯᠲᠠᠨ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠮᠡᠳᠡᠯᠭᠡ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠥᠬᠦ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠵᠢᠯ ᠳᠤ ᠣᠷᠣᠯᠴᠠᠬᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号