ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠭᠤᠤᠯᠳᠠᠯᠭ᠎ᠠ ᠲᠠᠢ ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ 2024 ᠣᠨ ᠤ  ᠦᠢᠯᠡᠳᠪᠦᠷᠢᠯᠡᠯ ᠤᠨ ᠠᠵᠢᠯ ᠤᠨ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/22
        ︽ᠮᠠᠨ ᠤ ᠣᠷᠣᠨ ᠤ 11 ᠤᠯᠤᠰ ᠤᠨ ᠭᠤᠤᠯᠳᠠᠯᠭ᠎ᠠ ᠲᠠᠢ ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠤᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠶ ᠰᠢᠭᠤᠶ ᠶᠢᠨ ᠲᠠᠯᠠᠪᠠᠶ ᠶᠢᠨ ᠦᠷ᠎ᠡ ᠴᠢᠬᠢ ᠶᠢᠨ ᠵᠤᠷᠭᠠᠨ ᠤ ᠴᠣᠬᠤᠯᠠᠪᠤᠷᠢ︾᠎ ᠶᠢᠨ ᠱᠠᠭᠠᠷᠳᠠᠯᠭ᠎ᠠ ᠶᠣᠰᠣᠭᠠᠷ᠂ 4 ᠰᠠᠷ᠎ᠠ ᠶᠢᠨ 15᠎ ᠤ ᠡᠳᠦᠷ ᠠᠴᠠ 17᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠱᠠᠨ ᠰᠢ ᠮᠤᠵᠢ ᠶᠢᠨ ᠲᠠᠶᠢᠶᠤᠸᠠᠨ ᠬᠤᠲᠠ ᠳᠤ ᠮᠠᠨ ᠤ ᠣᠷᠣᠨ ᠤ ᠤᠯᠤᠰ ᠤᠨ ᠭᠤᠤᠯᠳᠠᠯᠭ᠎ᠠ ᠲᠠᠢ ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠪᠠ ᠤᠯᠤᠰ ᠤᠨ ᠣᠶ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ 2024 ᠣᠨ ᠤ ᠦᠢᠯᠡᠳᠪᠦᠷᠢᠯᠡᠯ ᠤᠨ ᠠᠵᠢᠯ ᠤᠨ ᠵᠢᠷᠤᠭ ᠲᠥᠯᠥᠪᠯᠡᠭᠡ ᠶᠢ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 3 ᠲᠤᠰᠬᠠᠶ ᠮᠡᠷᠭᠡᠵᠢᠯᠲᠡᠨ ᠢ ᠤᠷᠢᠵᠤ ᠬᠢᠨᠠᠨ ᠲᠣᠭᠲᠠᠭᠠᠯᠭᠠᠪᠠ᠃      ᠬᠢᠨᠠᠨ ᠲᠣᠭᠲᠠᠭᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠤᠯᠤᠰ ᠤᠨ ᠭᠤᠤᠯᠳᠠᠯᠭ᠎ᠠ ᠲᠠᠢ ᠣᠶ ᠮᠣᠳᠣᠨ ᠤ ᠰᠢᠯᠢᠳᠡᠭ ᠡᠭᠦᠯᠳᠡᠷ ᠤᠨ 11 ᠰᠠᠭᠤᠷᠢᠨ ᠪᠠ ᠤᠯᠤᠰ ᠤᠨ ᠣᠶ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠤᠨ 5 ᠬᠥᠮᠥᠷᠭᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠰᠠᠭᠤᠷᠢᠨ ᠳᠡᠭᠡᠷ᠎ᠡ᠂ ᠪᠢᠴᠢᠭ ᠮᠠᠲ᠋ᠧᠷᠢᠶᠠᠯ ᠢ ᠬᠢᠨᠠᠨ ᠦᠵᠡᠬᠦ᠂  ᠠᠰᠠᠭᠤᠯᠳᠠ ᠬᠠᠷᠢᠭᠤᠯᠲᠠ ᠵᠢᠴᠢ ᠶᠠᠷᠢᠯᠴᠠᠯᠭ᠎ᠠ ᠪᠠᠷ ᠳᠠᠮᠵᠢᠭᠤᠯᠤᠨ᠂ ᠡᠯ᠎ᠡ ᠰᠢᠯᠢᠳᠡᠭ ᠡᠭᠦᠯᠳᠡᠷ ᠤᠨ ᠰᠠᠭᠤᠷᠢᠨ ᠪᠠ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ 2024 ᠣᠨ ᠤ   ᠦᠢᠯᠡᠳᠪᠦᠷᠢᠯᠡᠯ ᠤᠨ ᠠᠵᠢᠯ ᠤᠨ ᠵᠢᠷᠤᠭ ᠲᠥᠯᠥᠪᠯᠡᠭᠡ ᠶᠢ ᠶᠡᠷᠦᠩᠬᠡᠶᠢᠯᠡᠨ ᠬᠢᠨᠠᠨ ᠲᠣᠭᠲᠠᠭᠠᠵᠤ᠂ ᠠᠵᠢᠯ ᠤᠨ ᠵᠢᠷᠤᠭ ᠲᠥᠯᠥᠪᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠪᠠ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠨ ᠪᠤᠶ ᠪᠦᠬᠦᠢ ᠬᠥᠮᠦᠰ ᠤᠷᠢᠳ ᠬᠤᠵᠢᠳ ᠵᠢᠩ ᠱᠠᠩ ᠣᠶ ᠰᠢᠭᠤᠶ ᠶᠢᠨ ᠲᠠᠯᠠᠪᠠᠶ ᠶᠢᠨ ᠪᠠᠲᠤᠴᠠᠭᠠᠨ ᠮᠣᠳᠣᠨ ᠤ ᠤᠯᠤᠰ ᠤᠨ ᠣᠶ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠣᠯᠤᠨ ᠱᠠᠩ ᠵᠤᠸᠠᠩ ᠲᠣᠰᠬᠤᠨ ᠤ ᠤᠯᠤᠰ ᠤᠨ ᠨᠠᠷᠠᠰᠤᠨ ᠮᠤᠳᠤᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠲᠤᠬᠠᠶ ᠶᠢᠨ ᠭᠠᠵᠠᠷ ᠤᠨ ᠠᠵᠢᠭᠯᠠᠨ ᠬᠡᠮᠵᠢᠬᠦ ᠪᠠ ᠶᠠᠷᠢᠯᠴᠠᠯᠭ᠎ᠠ ᠪᠠᠷ ᠳᠠᠮᠵᠢᠭᠤᠯᠤᠨ᠂ ᠱᠠᠨ ᠰᠢ ᠮᠤᠵᠢ ᠶᠢᠨ ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠪᠣᠯᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠵᠤ᠂ ᠬᠠᠷᠠᠭ᠎ᠠ ᠪᠠᠨ ᠥᠷᠭᠡᠵᠢᠭᠦᠯᠦᠨ᠂ ᠮᠡᠳᠡᠯᠭᠡ ᠪᠠᠨ ᠰᠢᠨᠡᠳᠬᠡᠵᠦ᠂ ᠮᠠᠨ ᠤ ᠣᠷᠣᠨ ᠤ ᠰᠢᠯᠢᠳᠡᠭ ᠡᠭᠦᠯᠳᠡᠷ ᠤᠨ ᠰᠠᠭᠤᠷᠢᠨ ᠭᠠᠵᠠᠷ ᠪᠣᠯᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠬᠤᠶᠢᠰᠢᠳᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠴᠢᠭᠯᠡᠯ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠬᠤᠷᠠᠯ ᠠᠴᠠ ᠪᠠᠰᠠ ᠱᠠᠨᠳᠦ᠋ᠩ ᠮᠤᠵᠢ ᠶᠢᠨ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠲᠥᠪ ᠤᠨ ᠯᠢᠦ ᠳ᠋ᠠᠨ ᠰᠤᠳᠤᠯᠤᠭᠴᠢ ᠶᠢ ᠤᠷᠢᠵᠤ ᠣᠶ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠮᠡᠷᠭᠡᠵᠢᠯ ᠤᠨ ᠲᠤᠬᠠᠶ ᠶᠢᠨ ᠲᠠᠯᠠᠪᠠᠶ ᠶᠢᠨ ᠵᠢᠭᠠᠨ ᠰᠤᠷᠭᠠᠯᠲᠠ ᠬᠢᠯᠭᠡᠵᠦ᠂ ᠡᠬᠢ ᠪᠠᠶᠠᠯᠢᠭ ᠢ ᠴᠤᠭᠯᠠᠭᠤᠯᠬᠤ᠂ APP᠎ ᠶᠢ ᠬᠡᠷᠡᠭᠯᠡᠬᠦ᠂ ᠲᠤᠭ᠎ᠠ ᠪᠠᠷᠢᠮᠲᠠ ᠶᠢ ᠣᠷᠣᠭᠤᠯᠬᠤ ᠪᠠ ᠥᠯᠢᠭᠡᠷ ᠬᠡᠪ ᠦᠢᠯᠡᠳᠬᠦ ᠵᠡᠷᠭᠡ ᠡᠯ᠎ᠡ ᠭᠤᠭᠴᠣᠭᠠᠨ ᠤ ᠠᠵᠢᠯ ᠳᠤ ᠲᠤᠬᠠᠶ ᠶᠢᠨ ᠲᠠᠯᠠᠪᠠᠶ ᠶᠢᠨ ᠰᠣᠷᠢᠯᠲᠠ ᠬᠢᠭᠰᠡᠨ ᠪᠥᠭᠡᠳ ᠡᠬᠢ ᠪᠠᠶᠠᠯᠢᠭ ᠢ ᠴᠤᠭᠯᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠢᠶᠠᠨ ᠰᠣᠯᠢᠯᠴᠠᠵᠤ᠂ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ ᠬᠡᠷᠡᠭᠵᠢᠭᠦᠯᠬᠦ ᠲᠥᠰᠦᠯ ︵2023—2025 ᠣᠨ︶︾᠎ ᠳᠤ ᠲᠣᠭᠲᠠᠭᠠᠭᠰᠠᠨ ᠡᠭᠦᠷᠭᠡ ᠬᠠᠷᠠᠯᠲᠠ ᠶᠢ ᠪᠡᠶᠡᠯᠡᠭᠦᠯᠬᠦ ᠳᠤ ᠰᠠᠭᠤᠷᠢ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠶᠡᠷᠦᠩᠬᠡᠶ ᠥᠷᠲᠡᠭᠡ᠂ ᠬᠠᠮᠢᠶ᠎ᠠ ᠪᠥᠬᠦᠶ ᠠᠶᠢᠮᠠᠭ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯᠲᠠᠨ ᠵᠢᠴᠢ ᠤᠯᠤᠰ ᠤᠨ ᠭᠤᠤᠯᠳᠠᠯᠭ᠎ᠠ ᠲᠠᠢ 11 ᠣᠶ ᠮᠣᠳᠣᠨ ᠤ ᠰᠢᠯᠢᠳᠡᠭ ᠡᠭᠦᠯᠳᠡᠷ ᠤᠨ ᠰᠠᠭᠤᠷᠢᠨ ᠪᠣᠯᠤᠨ ᠤᠯᠤᠰ ᠤᠨ 5 ᠣᠶ ᠮᠣᠳᠣᠨ ᠤ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠬᠠᠷᠢᠭᠤᠴᠠᠯᠭᠠᠲᠠᠨ᠂ ᠮᠡᠷᠭᠡᠵᠢᠯ ᠤᠨ ᠠᠵᠢᠯᠲᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠵᠡᠷᠭᠡ 50 ᠭᠠᠷᠤᠶ ᠬᠥᠮᠦᠨ ᠬᠤᠷᠠᠯ ᠳᠤ ᠣᠷᠣᠯᠴᠠᠵᠤ᠂ ᠬᠤᠷᠠᠯ ᠠᠴᠠ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠪᠥᠭᠡᠳ ᠰᠠᠶᠢᠨ ᠦᠷ᠎ᠡ ᠪᠦᠲᠦᠮᠵᠢ ᠣᠯᠵᠠᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号