ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 43 ᠳ᠋ᠤᠭᠠᠷ ᠬᠤᠭᠤᠴᠠᠭᠠᠨ ᠤ ︽ᠰᠢᠪᠠᠭᠤ ᠶᠢ ᠬᠠᠮᠠᠭᠠᠯᠠᠬᠤ ᠭᠠᠷᠠᠭ︾᠎ ᠤᠨ ᠤᠬᠠᠭᠤᠯᠭ᠎ᠠ ᠶᠢᠨ ᠠᠵᠢᠯᠯᠠᠭ᠎ᠠ ᠤᠯᠠᠭᠠᠨᠰᠤᠬᠠᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/25
     4 ᠰᠠᠷ᠎ᠠ ᠶᠢᠨ 22᠎ ᠤᠨ ᠡᠳᠦᠷ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 43 ᠳ᠋ᠤᠭᠠᠷ ᠬᠤᠭᠤᠴᠠᠭᠠᠨ ᠤ ︽ᠰᠢᠪᠠᠭᠤ ᠶᠢ ᠬᠠᠮᠠᠭᠠᠯᠠᠬᠤ ᠭᠠᠷᠠᠭ︾᠎  ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠤᠯᠠᠭᠠᠨᠰᠤᠬᠠᠢ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠠᠮᠲᠤᠷᠠᠨ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠬᠡᠭᠡᠷ᠎ᠡ ᠶᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ ᠢ ᠬᠠᠮᠠᠭᠠᠯᠠᠬᠤ ᠨᠡᠶᠢᠭᠡᠮᠯᠢᠭ ᠬᠠᠮᠵᠢᠯᠴᠠᠨ ᠡᠷᠭᠢᠯᠡᠪᠡ᠃ ᠡᠨᠡ ᠵᠢᠯ ᠤᠨ ︽ᠰᠢᠪᠠᠭᠤ ᠶᠢ ᠬᠠᠮᠠᠭᠠᠯᠠᠬᠤ ᠭᠠᠷᠠᠭ︾᠎ ᠤᠨ ᠠᠵᠢᠯᠯᠠᠭ᠎ᠠ ᠶᠢᠨ ᠭᠤᠤᠯ ᠰᠡᠳᠦᠪ ᠪᠣᠯ ︽ᠬᠠᠮᠠᠭᠠᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ ᠨᠡᠭᠦᠳᠡᠯ ᠤᠨ ᠰᠢᠪᠠᠭᠤ ᠶᠢ ᠬᠠᠮᠠᠭᠠᠯᠠᠬᠤ︾ ᠶᠠᠪᠤᠳᠠᠯ ᠪᠣᠯᠤᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠭᠡᠷ᠎ᠡ ᠶᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ ᠢ ᠬᠠᠮᠠᠭᠠᠯᠠᠬᠤ ᠨᠡᠶᠢᠭᠡᠮᠯᠢᠭ ᠨᠢ ᠣᠯᠠᠨ ᠲᠦᠷᠦᠯ ᠤᠨ ᠠᠵᠢᠯᠯᠠᠭ᠎ᠠ ᠶᠢ ᠨᠠᠷᠢᠨ ᠨᠢᠮᠪᠠᠶ ᠪᠡᠯᠡᠳᠬᠡᠵᠦ᠂ 4 ᠰᠠᠷ᠎ᠠ ᠶᠢᠨ 22᠎ ᠤᠨ ᠡᠳᠦᠷ᠂ ︽ᠡᠬᠢᠯᠡᠯᠲᠡ ᠶᠢᠨ ᠶᠣᠰᠣᠯᠠᠯ + ᠲᠤᠰᠬᠠᠶ ᠰᠡᠳᠦᠪᠲᠦ ᠲᠠᠶᠢᠯᠤᠮᠵᠢ + ᠡᠯ᠎ᠡ ᠠᠶᠢᠮᠠᠭ ᠬᠤᠲᠠ ᠶᠢᠨ ᠤᠷᠤᠯᠴᠠᠯᠭ᠎ᠠ︾᠎ ᠶᠢᠨ ᠬᠡᠯᠪᠡᠷᠢ ᠪᠠᠷ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠶ ᠳᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ ᠲᠤᠬᠢᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠨ᠎ᠡ ᠠᠷᠭ᠎ᠠ ᠪᠤᠳᠤᠯᠭ᠎ᠠ ᠪᠠ ᠲᠦᠷᠢᠮ ᠲᠤᠭᠲᠠᠭᠠᠯ ᠢ ᠤᠬᠠᠭᠤᠯᠬᠤ ᠶᠢᠨ ᠬᠠᠮᠲᠤ ᠰᠢᠪᠠᠭᠤᠨ ᠤ ᠲᠥᠷᠥᠯ ᠤᠨ ᠬᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠬᠦᠯᠵᠦ᠂ ᠰᠢᠪᠠᠭᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ᠃    ᠡᠬᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠲᠤ ᠤᠮᠠᠷᠠᠲᠤ ᠶᠢᠨ ᠦᠨᠳᠦᠰᠦᠲᠡᠨ ᠤ ᠶᠡᠭᠡ ᠰᠤᠷᠭᠠᠭᠤᠯᠢ ᠪᠠ ᠦᠨᠳᠦᠰᠦᠨ ᠱᠠᠲᠤᠨ ᠤ  ᠲᠤᠰᠬᠠᠶ ᠮᠡᠷᠭᠡᠵᠢᠯᠲᠡᠨ ᠢ ᠤᠷᠢᠵᠤ᠂  ︽ᠰᠢᠪᠠᠭᠤᠨ ᠤ ᠲᠥᠷᠥᠯ ᠤᠨ ᠬᠠᠮᠢᠶ᠎ᠠ ᠪᠦᠬᠦᠢ ᠮᠡᠳᠡᠯᠭᠡ ᠶᠢ ᠤᠶᠢᠯᠠᠭᠠᠬᠤ ᠤᠤ ︖ ︾᠂ ︽ᠲᠠᠨ ᠤ ᠳᠡᠷᠭᠡᠳᠡᠬᠢ ᠭᠠᠵᠠᠷ ᠰᠢᠨᠵᠢᠯᠡᠭᠡᠨ ᠤ ᠴᠡᠴᠡᠷᠯᠢᠭ︾ ᠰᠡᠲᠤᠪᠲᠤ ᠨᠡᠶᠢᠲᠡ ᠶᠢᠨ ᠠᠰᠠᠷᠠᠮᠵᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠬᠢᠪᠡ᠃ ᠲᠠᠶᠢᠯᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠬᠢᠵᠢᠭᠦᠯᠵᠦ᠂ ᠣᠯᠠᠨ ᠨᠡᠶᠢᠲᠡ ᠶᠢᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠪᠠ ᠰᠢᠪᠠᠭᠤ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠬᠦᠯᠵᠦ᠂ ᠪᠥᠬᠦ ᠠᠷᠠᠳ ᠎ ᠲᠤ ᠬᠥᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠩᠭᠤᠢ ᠤᠷᠤᠰᠢᠬᠤ ᠪᠠ ᠦᠵᠡᠰᠬᠦᠯᠡᠩᠲᠦ ᠰᠠᠶᠢᠬᠠᠨ ᠬᠡᠷ ᠣᠷᠣᠨ ᠢ ᠬᠠᠮᠲᠤ ᠪᠠᠷ ᠪᠠᠶᠢᠭᠤᠯᠬᠤ ᠶᠢ ᠤᠷᠢᠶᠠᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号