︽ᠤᠮᠠᠷᠠᠲᠤ ᠶᠢᠨ ᠭᠤᠷᠪᠠᠨ ᠤᠷᠤᠨ︾᠎ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠨ᠎ᠠ᠃
ᠨᠡᠶᠢᠲᠡᠯᠡᠭᠰᠡᠨ ᠴᠠᠭ᠄
2024/4/29
     2024 ᠣᠨ ᠤ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠮᠠᠨ ᠤ ᠲᠣᠪᠴᠢᠶ᠎ᠠ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠷᠢᠯᠴᠠᠬᠤ ᠪᠠᠷ ᠳᠡᠮᠵᠢᠨ᠂  ᠠᠮᠢ ᠠᠬᠤᠶ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢᠨ ᠲᠤᠰᠬᠠᠶ ᠲᠥᠷᠥᠯ ᠵᠦᠢᠯ ᠪᠠ ᠣᠶ ᠰᠢᠭᠤᠶ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠪ ᠤᠨ ᠲᠥᠰᠦᠪ ᠤᠨ ᠳᠣᠲᠣᠷᠠᠬᠢ 2 ᠪᠠᠯᠠ ᠣᠷᠣᠭᠤᠯᠤᠯᠲᠠ ᠶᠢᠨ ᠰᠠᠨᠠᠭᠤᠯᠭ᠎ᠠ ᠶᠢᠨ ᠲᠥᠯᠥᠪᠯᠡᠭᠡ ᠶᠢ ᠭᠤᠶᠤᠴᠢᠯᠠᠨ ᠮᠡᠳᠡᠭᠦᠯᠵᠦ᠂ ᠨᠡᠶᠢᠲᠡ 37 ᠲᠥᠷᠥᠯ ᠵᠦᠢᠯ ᠭᠤᠶᠤᠴᠢᠯᠠᠨ ᠮᠡᠳᠡᠭᠦᠯᠵᠦ᠂ ᠲᠥᠪ ᠤᠨ ᠲᠥᠰᠦᠪ ᠲᠤ 32768 ᠲᠦᠮᠡᠨ ᠲᠥᠭᠦᠷᠢᠭ ᠭᠤᠶᠤᠴᠢᠯᠠᠨ ᠮᠡᠳᠡᠭᠦᠯᠵᠡᠶ᠃ ᠡᠭᠦᠨ ᠳᠤ᠂ ᠠᠮᠢ ᠠᠬᠤᠶ ᠶᠢᠨ ᠬᠠᠮᠠᠭᠠᠯᠠᠯᠲᠠ ᠶᠢᠨ ᠲᠥᠷᠥᠯ ᠵᠦᠢᠯ 20᠎ ᠶᠢ ᠭᠤᠶᠤᠴᠢᠯᠠᠨ ᠮᠡᠳᠡᠭᠦᠯᠵᠦ᠂ ᠲᠥᠪ ᠤᠨ ᠲᠥᠰᠦᠪ ᠲᠤ 28833 ᠲᠦᠮᠡᠨ ᠲᠥᠭᠦᠷᠢᠭ ᠪᠤᠯᠤᠨ᠎ᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ᠂ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ᠂ ᠬᠠᠮᠢᠶᠠᠷᠴᠤ ᠬᠠᠮᠠᠭᠠᠯᠠᠬᠤ ᠬᠡᠷ ᠪᠠᠶᠢᠰᠢᠩ᠂ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠎ ᠶᠢ ᠪᠠᠭᠲᠠᠭᠠᠭᠰᠠᠨ ᠪᠠᠶᠢᠨ᠎ᠠ︔ ᠣᠶ ᠰᠢᠭᠤᠶ ᠶᠢᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠭᠯᠡᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ 7᠂ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ 3935 ᠲᠦᠮᠡᠨ ᠲᠥᠭᠦᠷᠢᠭ ᠪᠠᠶᠢᠵᠤ᠂ ᠤᠯᠤᠰ ᠤᠨ ᠲᠠᠰ ᠤᠨ ᠠᠮᠢ ᠠᠬᠤᠶ ᠶᠢᠨ ᠪᠠᠶᠢᠷᠢ ᠲᠤᠭᠲᠠᠭᠠᠯᠳᠠ ᠶᠢᠨ ᠠᠵᠢᠭᠯᠠᠨ ᠬᠡᠮᠵᠢᠬᠦ ᠰᠤᠳᠤᠯᠭᠠᠨ ᠤ ᠥᠷᠲᠡᠭᠡ᠂ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠦᠨᠳᠦᠰᠦᠨ ᠱᠠᠲᠤᠨ ᠤ ᠣᠶ ᠰᠢᠭᠤᠶ ᠶᠢᠨ ᠠᠵᠢᠯ ᠤᠨ ᠥᠷᠲᠡᠭᠡ ᠵᠡᠷᠭᠡ ᠳᠤ ᠬᠤᠯᠪᠣᠭᠳᠠᠨ᠎ᠠ᠃ ᠡᠨᠡ ᠨᠢ ︽  ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号