ᠪᠡᠯᠴᠢᠭᠡᠷ ᠢ ᠠᠮᠠᠷᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/4/7
   ᠬᠠᠪᠤᠷ ᠤᠨ ᠤᠯᠠᠷᠢᠯ ᠤᠨ ᠪᠡᠯᠴᠢᠭᠡᠷ ᠢ ᠠᠮᠠᠷᠠᠭᠤᠯᠬᠤ ᠨᠢ ᠮᠠᠯ ᠤᠨ ᠪᠡᠯᠴᠢᠭᠡᠷ ᠤᠨ ᠡᠪᠡᠰᠦ ᠶᠢ ᠢᠳᠡᠰᠢᠯᠡᠬᠦ᠂ ᠭᠢᠰᠬᠢᠯᠡᠬᠦ ᠶᠢ ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ ᠠᠰᠢᠭᠲᠠᠶ ᠪᠠᠶᠢᠵᠤ᠂ ᠡᠪᠡᠰᠦᠨ ᠤ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ ᠳᠤ ᠠᠰᠢᠭᠲᠠᠶ ᠪᠠᠶᠢᠳᠠᠭ᠃ 4 ᠰᠠᠷ᠎ᠠ ᠠᠴᠠ ᠨᠠᠭᠠᠰᠢ᠂ ᠮᠠᠨ ᠤ ᠣᠷᠣᠨ ᠤ ᠡᠯ᠎ᠡ ᠭᠠᠵᠠᠷ ᠤᠨ ᠬᠢᠨ ᠵᠠᠯᠭᠠᠭ᠎ᠠ ᠪᠠᠷ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠤ ᠣᠷᠣᠵᠤ᠂ ᠪᠥᠬᠦ ᠣᠷᠣᠨ ᠤ 9.7 ᠳ᠋ᠦᠩᠰᠢᠭᠤᠷ ᠮᠥ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠪᠠᠷ ᠪᠠᠶᠢᠨ᠎ᠠ᠂ ᠡᠭᠦᠨ ᠳᠤ 3.8 ᠳ᠋ᠦᠩᠰᠢᠭᠤᠷ ᠮᠥ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠲᠤ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠬᠡᠷᠡᠭᠵᠢᠭᠦᠯᠵᠦ᠂ 5.9 ᠳ᠋ᠦᠩᠰᠢᠭᠤᠷ ᠮᠥ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠨᠤᠲᠤᠭ ᠪᠡᠯᠴᠢᠭᠡᠷ ᠲᠤ 45 ᠡᠳᠦᠷ ᠠᠴᠠ ᠳᠤᠲᠠᠭᠤ ᠥᠬᠡᠶ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠲᠦᠷᠢᠮ ᠢ ᠬᠡᠷᠡᠭᠵᠢᠭᠦᠯᠦᠨ᠎ᠡ᠃ ᠬᠠᠪᠤᠷ ᠤᠨ ᠤᠯᠠᠷᠢᠯ ᠤᠨ ᠪᠡᠯᠴᠢᠭᠡᠷ ᠢ ᠰᠡᠷᠭᠦᠭᠡᠵᠦ ᠪᠡᠯᠴᠢᠭᠡᠷ ᠢ ᠠᠮᠠᠷᠠᠭᠤᠯᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ︽ᠪᠥᠬᠦ ᠣᠷᠣᠨ ᠤ ᠬᠠᠪᠤᠷ ᠤᠨ ᠤᠯᠠᠷᠢᠯ ᠤᠨ ᠪᠡᠯᠴᠢᠭᠡᠷ ᠢ ᠰᠡᠷᠭᠦᠭᠡᠵᠦ ᠪᠡᠯᠴᠢᠭᠡᠷ ᠢ ᠠᠮᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠢ ᠵᠢᠯᠣᠭᠤᠳᠤᠨ ᠲᠤᠬᠠᠶ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠢ ᠦᠨᠳᠦᠰᠦᠯᠡᠨ ᠪᠡᠯᠴᠢᠭᠡᠷ ᠢ ᠠᠮᠠᠷᠠᠭᠤᠯᠬᠤ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠭᠲᠠᠭᠠᠵᠤ᠂ ᠮᠠᠯ ᠤᠨ ᠢᠳᠡᠰᠢᠯᠡᠬᠦ ᠲᠠᠯᠠᠪᠤᠷ ᠭᠠᠵᠠᠷ ᠭᠠᠷᠭᠠᠬᠤ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠪᠡᠯᠴᠢᠭᠡᠷ ᠢ ᠠᠮᠠᠷᠠᠭᠤᠯᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠬᠠᠮᠲᠤ ᠢᠯᠡᠴᠢᠯᠡᠨ ᠮᠡᠳᠡᠭᠦᠯᠬᠦ ᠲᠦᠷᠢᠮ ᠪᠠᠶᠢᠭᠤᠯᠤᠨ᠂ ᠢᠯᠡᠴᠢᠯᠡᠨ ᠮᠡᠳᠡᠭᠦᠯᠬᠦ ᠤᠲᠠᠰᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠤᠬᠠᠭᠤᠯᠵᠤ ᠬᠥᠲᠥᠯᠥᠨ ᠵᠢᠯᠣᠭᠤᠳᠬᠤ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠲᠦᠷᠢᠮ ᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠲᠦᠷᠢᠮ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠶᠢ ᠨᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠳᠤ ᠬᠦᠴᠦᠨ ᠨᠡᠮᠡᠷᠢᠯᠡᠬᠦ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号