| ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ ᠨᠢ ᠮᠠᠯ ᠤᠨ ᠪᠡᠯᠴᠢᠭᠡᠷ ᠡᠪᠡᠰᠦ ᠶᠢ ᠬᠡᠮᠡᠯᠢᠬᠦ᠂ ᠭᠢᠰᠭᠢᠯᠡᠬᠦ ᠶᠢ | ᠪᠦᠲᠦᠮᠵᠢᠲᠡᠶ ᠪᠠᠭᠠᠰᠬᠠᠵᠤ᠂ ᠪᠡᠯᠴᠢᠭᠡᠷ ᠡᠪᠡᠰᠦ ᠭᠦᠢᠴᠡᠳ ᠨᠣᠭᠤᠭᠠᠷᠠᠬᠤ ᠪᠠ ᠦᠷᠭᠦᠯᠵᠢᠯᠡᠨ ᠤᠷᠭᠤᠬᠤ ᠳᠤ | ᠠᠰᠢᠭᠲᠠᠶ ᠪᠠᠶᠢᠵᠤ᠂ ᠪᠡᠯᠴᠢᠭᠡᠷ ᠡᠪᠡᠰᠦ ᠶᠢᠨ ᠤᠨᠠᠯᠲᠠ ᠶᠢ ᠳᠡᠭᠡᠭᠰᠢᠯᠡᠭᠦᠯᠦᠨ᠂ ᠨᠤᠲᠤᠭ ᠪᠡᠯᠴᠢᠭᠡᠷ ᠢ ᠬᠠᠮᠠᠭᠠᠯᠠᠬᠤ | ᠦᠢᠯᠡᠳᠦᠯ ᠦᠵᠡᠭᠦᠯᠳᠡᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ | ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠲᠥᠯᠥᠭᠡ᠂ | 4 ᠰᠠᠷ᠎ᠠ ᠶᠢᠨ 1 ᠤ ᠡᠳᠦᠷ ᠠᠴᠠ ᠡᠬᠢᠯᠡᠨ ᠰᠢᠯᠢ ᠶᠢᠨ ᠭᠤᠤᠯ ᠠᠶᠢᠮᠠᠭ ᠤᠨ 2.2 ᠳ᠋ᠦᠩᠰᠢᠭᠤᠷ ᠮᠥ ᠨᠤᠲᠤᠭ | ᠪᠡᠯᠴᠢᠭᠡᠷ ᠲᠤ ᠪᠡᠯᠴᠢᠬᠡᠷᠯᠡᠬᠦᠯᠬᠦ ᠶᠢ ᠵᠤᠬᠰᠤᠭᠠᠵᠦ ᠪᠡᠯᠴᠢᠬᠡᠷ ᠢ ᠰᠡᠷᠬᠦᠭᠡᠬᠦ ᠪᠠᠷ ᠪᠤᠯᠵᠠᠢ᠃ ᠮᠠᠨ ᠤ ᠤᠷᠤᠨ ᠡᠯ᠎ᠡ | ᠭᠠᠵᠠᠷ ᠤᠨ ᠡᠪᠡᠰᠦ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ | ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ ᠰᠡᠯᠭᠦᠨ ᠮᠠᠯᠵᠢᠬᠤ ᠴᠠᠭ ᠤᠨ | ᠬᠢᠵᠠᠭᠠᠷ ᠢ ᠲᠣᠭᠲᠠᠭᠠᠵᠠᠢ᠂ ᠣᠳᠣᠬᠠᠨ ᠳᠤ ᠤᠯᠠᠭᠠᠨᠬᠠᠳᠠ᠂ ᠣᠷᠳᠣᠰ ᠤᠨ ᠬᠡᠰᠡᠭ ᠬᠤᠰᠢᠭᠤ ᠰᠢᠶᠠᠨ ᠨᠢᠭᠡᠨᠲᠡ | ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠵᠤ᠂ ᠰᠡᠯᠭᠦᠨ ᠮᠠᠯᠵᠢᠬᠤ ᠬᠤᠭᠤᠴᠠᠭ᠎ᠠ ᠶᠢ | 45 ᠡᠳᠦᠷ ᠠᠴᠠ ᠳᠤᠤᠷ᠎ᠠ ᠪᠠᠶᠢᠯᠭᠠᠬᠤ ᠥᠬᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠤᠬᠰᠤᠭᠠᠵᠦ ᠰᠡᠯᠭᠦᠨ ᠮᠠᠯᠵᠢᠬᠤ ᠲᠦᠷᠢᠮ︾ | ᠶᠣᠰᠣᠭᠠᠷ᠂ ᠡᠨᠡ ᠵᠢᠯ ᠪᠥᠬᠦ ᠣᠷᠣᠨ ᠤ ᠨᠤᠲᠤᠭ ᠪᠡᠯᠴᠢᠭᠡᠷ ᠲᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ | ᠬᠡᠷᠡᠭᠵᠢᠭᠦᠯᠵᠦ᠂ ᠰᠡᠯᠭᠦᠨ ᠮᠠᠯᠵᠢᠬᠤ ᠶᠡᠷᠦᠩᠬᠡᠶ ᠲᠠᠯᠠᠪᠠᠶ ᠶᠢ 9.7 ᠳ᠋ᠦᠩᠰᠢᠭᠤᠷ ᠮᠥ ᠳᠤ ᠬᠥᠷᠬᠡᠨ᠎ᠠ᠃ ᠥᠪᠥᠷ | ᠮᠣᠩᠭᠤᠯ ᠪᠡᠯᠴᠢᠭᠡᠷᠯᠡᠭᠦᠯᠭᠦ ᠪᠠᠨ ᠵᠣᠭᠰᠣᠭᠰᠠᠨ ᠮᠠᠯᠵᠢᠬᠤ ᠡᠷᠦᠬᠡ ᠳᠤ ᠨᠥᠬᠦᠪᠥᠷᠢ ᠣᠯᠭᠤᠬᠤ ᠪᠠᠷ ᠳᠠᠮᠵᠢᠭᠤᠯᠤᠨ᠂ | ᠨᠤᠲᠤᠭ ᠪᠡᠯᠴᠢᠭᠡᠷ ᠢ ᠰᠡᠷᠭᠦᠭᠡᠬᠦ ᠶᠢ ᠳᠡᠮᠵᠢᠵᠦ ᠪᠠᠶᠢᠨ᠎ᠠ᠃ ᠡᠭᠦᠨ ᠤ ᠬᠠᠮᠲᠤ᠂ ᠵᠠᠰᠠᠭ ᠤᠨ ᠣᠷᠳᠣᠨ ᠨᠥᠭᠡᠴᠡᠯᠡᠬᠦ᠂ | ᠮᠠᠯᠴᠢᠳ ᠥᠪᠡᠷᠰᠡᠳ ᠢᠶᠠᠨ ᠪᠡᠯᠡᠳᠭᠡᠬᠦ᠂ ᠵᠣᠬᠢᠴᠠᠭᠤᠯᠤᠨ ᠲᠣᠬᠢᠷᠠᠭᠤᠯᠵᠤ ᠲᠡᠭᠡᠭᠡᠪᠦᠷᠢᠯᠡᠬᠦ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ ᠡᠪᠡᠰᠦ ᠪᠣᠷᠳᠤᠭ᠎ᠠ ᠨᠥᠭᠡᠴᠡᠯᠡᠵᠦ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ | ᠂ ᠬᠠᠰᠢᠶᠠᠯᠠᠨ ᠲᠡᠵᠢᠭᠡᠬᠦ ᠫᠧᠩ ᠰᠠᠷᠠᠪᠴᠢ ᠵᠡᠷᠭᠡ ᠰᠠᠭᠤᠷᠢ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ ᠤᠨ ᠦᠢᠯᠡᠴᠢᠯᠡᠭᠡᠨ ᠢ | ᠴᠢᠩᠭᠠᠷᠠᠭᠤᠯᠤᠨ᠂ ᠮᠠᠯᠴᠢᠳ ᠤᠨ ᠥᠪᠡᠷ ᠤᠨ ᠮᠠᠯ ᠲᠡᠵᠢᠭᠡᠪᠦᠷᠢ ᠪᠠᠨ ᠬᠠᠰᠢᠶᠠᠯᠠᠨ ᠲᠡᠵᠢᠭᠡᠬᠦ ᠶᠢ ᠳᠡᠮᠵᠢᠵᠦ ᠪᠠᠶᠢᠨ᠎ᠠ᠃ | | |