ᠥᠪᠥᠷ ᠮᠣᠩᠭᠤᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠭᠤᠳ ᠨᠡᠪᠲᠡᠷᠡᠭᠦᠯᠭᠡ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/9
    ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠯᠣᠭᠤᠳᠬᠤ ᠰᠠᠨᠠᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠂ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠦᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠰᠠᠷ᠎ᠠ ᠪᠦᠷᠢ ᠨᠢᠭᠡ ᠤᠳᠠᠭ᠎ᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠭᠤᠳ ᠨᠡᠪᠳᠡᠷᠡᠬᠦᠯᠭᠡ ᠶᠢᠨ ᠲᠠᠶᠢᠯᠤᠮᠵᠢ ᠶᠢ ᠬᠢᠬᠦ ᠪᠠᠷ ᠲᠥᠯᠥᠪᠯᠡᠵᠦ ᠪᠣᠶ᠃     ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢᠨ ᠬᠥᠭᠵᠢᠯᠲᠡ ᠶᠢᠨ ᠲᠥᠯᠥᠪᠵᠢᠭᠦᠯᠭᠡ ︵2024—2035 ᠣᠨ︶︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠵᠤ᠂ ︽ᠲᠥᠯᠥᠪᠵᠢᠭᠦᠯᠭᠡ︾᠎ ᠶᠢ ᠪᠥᠬᠦ ᠣᠷᠣᠨ ᠳᠤ ᠤᠷᠤᠭᠰᠢᠲᠠᠶ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ᠂ 2024 ᠣᠨ ᠤ 3 ᠰᠠᠷ᠎ᠠ ᠶᠢᠨ 26᠎ ᠤ ᠡᠳᠦᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠭᠤᠳ ᠨᠡᠪᠲᠡᠷᠡᠭᠦᠯᠭᠡ ᠶᠢᠨ ᠲᠠᠶᠢᠯᠤᠮᠵᠢ ᠶᠢᠨ ᠨᠢᠭᠡᠳᠦᠭᠡᠷ ᠲᠠᠶᠢᠯᠤᠮᠵᠢ ᠳᠤ ︽ᠲᠥᠯᠥᠪᠵᠢᠭᠦᠯᠭᠡ︾᠎ ᠶᠢᠨ ᠲᠤᠬᠠᠶ ᠲᠠᠶᠢᠯᠤᠮᠵᠢ ᠬᠢᠪᠠ᠃ ᠲᠣᠰ ᠤᠳᠠᠭᠠᠨ ᠤ ᠲᠠᠶᠢᠯᠤᠮᠵᠢ ᠶᠢᠨ ᠰᠢᠭᠤᠳ ᠨᠡᠪᠲᠡᠷᠡᠭᠦᠯᠭᠡ ᠶᠢᠨ ᠬᠢᠴᠢᠶᠡᠯᠯᠡᠭᠴᠢ ᠪᠣᠯ ︽ᠲᠥᠯᠥᠪᠵᠢᠭᠦᠯᠭᠡ︾ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠨᠢᠭᠡᠴᠡ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠦᠷᠢᠶᠡᠯᠡᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠵᠠᠩ ᠢ ᠵᠢᠶᠠ ᠪᠣᠯᠤᠨ᠎ᠠ᠃ ᠲᠠᠶᠢᠯᠤᠮᠵᠢ ᠶᠢ ︽ᠲᠥᠯᠥᠪᠵᠢᠭᠦᠯᠭᠡ︾᠎ ᠶᠢ ᠲᠤᠭᠤᠷᠪᠢᠭᠰᠠᠨ ᠠᠬᠤᠶ ᠪᠠᠶᠢᠳᠠᠯ᠂ ᠲᠤᠭᠤᠷᠪᠢᠭᠰᠠᠨ ᠶᠠᠪᠤᠴᠠ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠦᠨᠳᠦᠰᠦᠨ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠬᠠᠷᠠᠯᠲᠠ᠂ ᠶᠡᠷᠦᠩᠬᠡᠶ ᠪᠠᠶᠢᠷᠢᠰᠢᠭᠤᠯᠤᠯᠲᠠ᠂ ᠪᠥᠲᠥᠭᠡᠨ ᠪᠠᠶᠢᠭᠤᠯᠤᠯᠲᠠ ᠶᠢᠨ ᠡᠭᠦᠷᠭᠡ᠂ ᠬᠠᠮᠠᠭᠠᠯᠠᠯᠳᠠ ᠰᠡᠷᠭᠦᠭᠡᠯᠲᠡ᠂ ᠬᠠᠮᠢᠶᠠᠷᠤᠯᠲᠠ ᠶᠢᠨ ᠴᠢᠳᠠᠪᠤᠷᠢ ᠪᠣᠯᠤᠨ ᠠᠷᠠᠳ ᠤᠨ ᠠᠮᠢᠳᠤᠷᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠡᠷᠭᠡ 9 ᠲᠠᠯ᠎ᠠ ᠪᠠᠷ ᠲᠣᠳᠣᠷᠬᠠᠶᠢᠯᠠᠨ ᠥᠭᠦᠯᠡᠵᠦ᠂ ᠣᠯᠠᠨ ᠳᠤ ︽ᠲᠥᠯᠥᠪᠵᠢᠭᠦᠯᠭᠡ︾᠎ ᠶᠢ ᠨᠠᠶᠢᠷᠠᠭᠤᠯᠤᠨ ᠵᠣᠬᠢᠶᠠᠭᠰᠠᠨ ᠲᠦᠢᠮᠣ ᠪᠠᠶᠢᠳᠠᠯ ᠵᠢᠴᠢ ︽ᠲᠥᠯᠥᠪᠵᠢᠭᠦᠯᠭᠡ︾᠎ ᠶᠢ ᠨᠠᠶᠢᠳᠠᠪᠤᠷᠢᠵᠢᠭᠤᠯᠤᠭᠰᠠᠨ ᠪᠣᠳᠠᠲᠤ ᠪᠠᠶᠢᠳᠠᠯ ᠪᠠ ᠠᠯᠤᠰ ᠬᠡᠲᠦ ᠶᠢᠨ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠭᠤᠯᠵᠤ᠂ ᠲᠥᠯᠥᠪᠵᠢᠭᠦᠯᠭᠡ ᠪᠠᠷ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠥᠲᠥᠯᠦᠨ ᠳᠠᠭᠠᠭᠤᠯᠵᠤ ᠥᠨᠳᠥᠷ ᠬᠢᠷᠢ ᠲᠦᠪᠰᠢᠨ ᠢᠶᠠᠷ ᠬᠠᠮᠠᠭᠠᠯᠠᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠥᠨᠳᠥᠷ ᠪᠠᠷᠢᠮᠵᠢᠶ᠎ᠠ ᠪᠠᠷ ᠬᠠᠮᠲᠤ ᠪᠠᠷ ᠡᠳ᠋ᠯᠡᠬᠦ ᠪᠥᠬᠦ ᠤᠯᠤᠰ ᠤᠨ ᠵᠢᠱᠢᠶ᠎ᠡ ᠦᠵᠡᠭᠦᠯᠬᠦ ᠠᠴᠢ ᠬᠤᠯᠪᠣᠭᠳᠠᠯ ᠪᠥᠬᠦᠶ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠲᠡᠶᠢᠰᠢ ᠬᠦᠭᠵᠢᠬᠦᠯᠬᠦ ᠶᠢᠨ ᠲᠥᠯᠥᠭᠡ ᠶᠤᠮ᠃ ᠲᠣᠰ ᠤᠳᠠᠭ᠎ᠠ ᠶᠢᠨ ᠲᠠᠶᠢᠯᠤᠮᠵᠢ ᠳᠤ ᠪᠦᠬᠦ ᠣᠷᠣᠨ ᠤ ᠡᠯ᠎ᠡ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠡᠯ᠎ᠡ ᠱᠠᠲᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠺᠠᠳ᠋ᠷ ᠠᠵᠢᠯᠲᠠᠨ᠂ 500 ᠰᠢᠬᠠᠮ ᠬᠥᠮᠦᠨ ᠤᠷᠤᠯᠴᠠᠪᠠ᠂ ᠲᠠᠶᠢᠯᠤᠮᠵᠢ ᠳᠤ ᠣᠷᠣᠯᠴᠠᠭᠰᠠᠨ ᠬᠥᠮᠦᠰ ᠤᠨ ᠬᠠᠷᠢᠭᠤ ᠲᠤᠰᠬᠠᠯ ᠠᠴᠠ ᠦᠵᠡᠪᠡᠯ᠂ ᠲᠠᠶᠢᠯᠤᠮᠵᠢ ᠶᠢᠨ ᠦᠷ᠎ᠡ ᠪᠦᠲᠦᠮᠵᠢ ᠢᠯᠡᠷᠬᠡᠶ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号