ᠬᠠᠷ᠎ᠠ  ᠬᠤᠤᠷᠠᠰᠤ ︵ᠬᠠᠷ᠎ᠠ ᠪᠤᠩ ᠠ︶
ᠨᠡᠶᠢᠲᠡᠯᠡᠭᠰᠡᠨ ᠴᠠᠭ᠄
2024/4/9
      ᠣᠯᠠᠨ ᠨᠠᠰᠤᠲᠤ ᠡᠪᠡᠰᠦᠯᠢᠭ ᠳᠤᠮᠳᠠᠰᠠᠭ ᠤᠷᠭᠤᠮᠠᠯ᠃ ᠥᠷᠭᠡᠨ ᠨᠡᠪᠴᠢᠲᠤ ᠣᠢ ᠶᠢᠨ ᠲᠤᠤᠭᠤᠷ ᠪᠤᠶᠤ ᠣᠢ ᠎ ᠶᠢᠨ ᠬᠥᠪᠡᠭᠡᠨ ᠤ ᠨᠤᠭᠤ ᠪᠠᠷ ᠣᠷᠭᠤᠨ᠎ᠠ᠃ ᠮᠠᠨ ᠣᠷᠣᠨ ᠤ ᠬᠢᠩᠭᠠᠨ ᠤ ᠬᠤᠶᠢᠲᠤ ᠬᠡᠰᠡᠭ᠂ ᠳᠠᠪᠠᠭᠠᠨ ᠤ ᠪᠠᠷᠠᠭᠤᠨ ᠲᠣᠭᠤᠷᠢᠭ᠂ ᠳᠠᠪᠠᠭᠠᠨ ᠤ ᠵᠡᠭᠦᠨ ᠲᠣᠭᠤᠷᠢᠭ᠂ ᠬᠢᠩᠭᠠᠨ ᠤ ᠡᠮᠦᠨᠡᠲᠦ ᠬᠡᠰᠡᠭ᠂ ᠯᠢᠶᠣᠤ ᠾᠧ ᠭᠤᠣᠯ ᠤᠨ ᠲᠠᠯ᠎ᠠ ᠭᠠᠵᠠᠷ᠂ ᠤᠯᠠᠭᠠᠨ᠋ᠠᠲᠠ ᠶᠢᠨ ᠳᠤᠪᠤ ᠳᠤᠪᠤᠷᠴᠠᠭ᠂ ᠶᠠᠨᠱᠠᠨ ᠠᠭᠤᠯᠠᠨ ᠤ ᠬᠤᠶᠢᠲᠤ ᠬᠡᠰᠡᠭ᠂ ᠬᠦᠯᠦᠨ ᠪᠤᠶᠢᠷ— ᠰᠢᠯᠢ ᠶᠢᠨ ᠭᠤᠣᠯ ᠤᠨ ᠥᠨᠳᠦᠷᠯᠢᠭ ᠤᠨ ᠵᠡᠭᠦᠨ ᠬᠡᠰᠡᠭ ᠪᠣᠯᠣᠨ ᠡᠮᠦᠨᠡᠲᠦ ᠬᠡᠰᠡᠭ᠂ ᠮᠤᠨᠢ ᠠᠭᠤᠯᠠ ᠶᠢᠨ ᠲᠣᠭᠤᠷᠢᠭ ᠢᠶᠠᠷ ᠤᠷᠭᠤᠯᠲᠠ ᠲᠠᠢ᠃ ᠮᠠᠨ ᠤᠯᠤᠰ ᠤᠨ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢᠶᠠᠷ ᠳᠠᠷᠬᠠᠵᠤ᠂ ᠰᠣᠯᠣᠩᠭᠤᠰ᠂ ᠤᠷᠤᠰ ᠤᠨ ᠰᠢᠪᠧᠷᠢᠶ᠎ᠡ ᠪᠣᠯᠣᠨ ᠠᠯᠤᠰ ᠳᠣᠷᠣᠨᠠᠲᠤ ᠪᠠᠷ ᠪᠠᠰᠠ ᠲᠠᠷᠬᠠᠵᠤ ᠪᠠᠶᠢᠳᠠᠭ᠃ ᠦᠨᠳᠦᠰᠦᠯᠢᠭ ᠡᠰᠢ ᠪᠤᠯᠤᠨ ᠨᠡᠪᠴᠢ ᠨᠢ ᠡᠮ ᠳᠤ ᠣᠷᠣᠵᠤ᠂ ᠦᠨᠳᠦᠰᠦᠯᠢᠭ ᠡᠰᠢ ᠨᠢ ᠮᠠᠰᠢ ᠬᠤᠣᠷᠠᠲᠠᠢ᠂ ᠲᠡᠭᠦᠨ ᠎ ᠢᠶᠠᠷ ᠭᠤᠤᠯᠳᠠᠭᠤ ᠭᠡᠷᠦᠬᠦ ᠴᠢᠨᠠᠷᠲᠠᠢ ᠦᠶ᠎ᠡ ᠭᠡᠰᠢᠭᠦᠨ ᠤ ᠡᠪᠡᠳᠴᠢᠨ᠂ ᠰᠠ ᠡᠪᠡᠳᠴᠢᠨ᠂ ᠬᠥᠯ ᠭᠠᠷ ᠲᠠᠲᠠᠬᠤ᠂  ᠬᠡᠪᠡᠯᠢ ᠬᠦᠢᠲᠡᠨ ᠣᠷᠬᠢᠵᠤ ᠡᠪᠡᠳᠬᠦ ᠶᠢ ᠵᠡᠰᠡᠨ᠎ᠡ᠃ ᠮᠣᠩᠭᠤᠯ ᠡᠮ ᠳᠤ ᠨᠡᠪᠴᠢ ᠪᠠᠷ ᠨᠢ ᠭᠤᠣᠯᠳᠠᠭᠤ ᠭᠡᠳᠡᠰᠦᠨ ᠤ ᠦᠷᠪᠢᠰᠦᠯ᠂ ᠶᠤᠯᠬᠤᠳᠠᠰᠤ᠂ ᠲᠣᠯᠣᠭᠠᠢ ᠡᠪᠡᠳᠬᠦ᠂  ᠰᠢᠲᠦ ᠡᠪᠡᠳᠬᠦ᠂ ᠬᠤᠭᠤᠯᠠᠢ ᠡᠪᠡᠳᠬᠦ ᠶᠢ ᠵᠠᠰᠠᠨ᠎ᠠ᠃
792990317411827785.jpg
o4YBAFi2HhSAYHasAAJg4YQu65s48.jpg
 
ᠢᠷᠡᠯᠲᠡ᠄ ᠦᠪᠦᠷ ᠮᠤᠩᠭᠤᠯ ᠤᠨ ᠬᠡᠭᠡᠷ᠎ᠡ ᠶᠢᠨ ᠤᠷᠭᠤᠮᠠᠯ ᠤᠨ ᠵᠢᠷᠤᠭᠲᠤ ᠲᠤᠯᠠᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号