ᠪᠠᠶᠢᠭᠠᠯᠢ ᠶᠢᠨ ᠣᠶ ᠶᠢ ᠬᠤᠳᠠᠯᠳᠤᠭᠠᠨ ᠤ ᠴᠢᠨᠠᠷᠲᠠᠶ ᠪᠠᠷ ᠣᠭᠲᠣᠯᠬᠤ ᠶᠢ ᠪᠥᠬᠦ ᠲᠠᠯ᠎ᠠ ᠪᠠᠷ ᠵᠣᠭᠰᠣᠭᠠᠬᠤ ᠪᠣᠯ | ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠣᠶ ᠰᠢᠭᠤᠶ ᠶᠢᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠡᠦᠬᠡᠨ ᠳᠡᠭᠡᠷᠡᠬᠢ ᠨᠢᠭᠡᠨ ᠴᠢᠬᠤᠯᠠ ᠪᠡᠯᠭᠡ ᠲᠡᠮᠳᠡᠭ ᠤᠨ ᠴᠢᠨᠠᠷᠲᠠᠶ ᠶᠠᠪᠤᠳᠠᠯ | ᠮᠥᠨ᠂ ᠪᠥᠬᠦ ᠤᠯᠤᠰ ᠤᠨ ᠪᠠᠶᠢᠭᠠᠯᠢ ᠶᠢᠨ ᠣᠶ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠵᠠᠩᠭᠢᠯᠠᠭ᠎ᠠ ᠶᠢᠨ ᠠᠯᠬᠤᠮ ᠪᠤᠯᠤᠨ᠎ᠠ᠂ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠥᠭᠡᠷᠡᠴᠢᠯᠡᠯᠲᠡ ᠶᠢ | ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠰᠢᠭᠤᠶᠢᠲᠤ ᠣᠷᠣᠨ ᠤ ᠵᠠᠰᠠᠯᠲᠠ ᠶᠢᠨ ᠲᠣᠭᠲᠠᠴᠠ ᠶᠢᠨ | ᠰᠢᠨ᠎ᠡ ᠶᠢ ᠡᠭᠦᠳᠬᠦ ᠴᠢᠬᠤᠯᠠ ᠤᠷᠢᠲᠠᠯ ᠮᠥᠨ᠂ ᠮᠦᠨ ᠴᠤ ᠣᠶ ᠰᠢᠭᠤᠶ ᠶᠢᠨ ᠦᠢᠯᠡᠰ ᠤᠨ ᠨᠡᠭᠡᠭᠡᠨ | ᠠᠰᠢᠭᠯᠠᠯᠲᠠ ᠠᠴᠠ ᠪᠥᠬᠦ ᠲᠠᠯ᠎ᠠ ᠪᠠᠷ ᠬᠠᠮᠠᠭᠠᠯᠠᠬᠤ ᠬᠥᠭᠵᠢᠯᠲᠡ ᠶᠢᠨ ᠰᠢᠨ᠎ᠡ ᠱᠠᠲᠤᠨ ᠳᠤ ᠰᠢᠯᠵᠢᠭᠰᠡᠨ ᠢ | ᠬᠠᠷᠠᠭᠤᠯᠵᠤ ᠪᠠᠶᠢᠨ᠎ᠠ᠃ | ᠮᠠᠨ ᠤ ᠣᠷᠣᠨ ᠤ ᠪᠠᠶᠢᠭᠠᠯᠢ ᠶᠢᠨ ᠤᠢ ᠶᠢ ᠬᠠᠮᠠᠭᠠᠯᠠᠬᠤ ᠢᠨᠵᠧᠨᠧᠷᠢᠩ ᠤᠨ ᠣᠷᠣᠨ ᠠᠴᠠ ᠪᠤᠰᠤᠳ 102 | ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠬᠤᠳᠠᠯᠳᠤᠭᠠᠨ ᠤ ᠴᠢᠨᠠᠷᠲᠠᠶ ᠣᠭᠲᠣᠯᠬᠤ ᠶᠢ | ᠵᠣᠭᠰᠣᠭᠠᠭᠰᠠᠨ ᠤ ᠳᠠᠷᠠᠭ᠎ᠠ᠂ ᠣᠯᠠᠨ ᠲᠦᠮᠡᠨ ᠤ ᠲᠤᠰᠬᠠᠭᠰᠠᠨ ᠲᠠᠷᠢᠮᠠᠯ ᠣᠶ ᠨᠢ ᠰᠢᠨᠡᠳᠬᠡᠵᠦ ᠣᠭᠲᠣᠯᠬᠤ | ᠴᠢᠬᠤᠯᠠᠳᠠᠢ ᠲᠤᠯᠠ᠂ 4 ᠰᠠᠷ᠎ᠠ ᠶᠢᠨ ᠰᠡᠭᠦᠯᠴᠢ ᠪᠠᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠲᠣᠮᠢᠯᠠᠵᠤ᠂ ᠬᠥᠯᠥᠨ ᠪᠤᠶᠢᠷ ᠬᠤᠲᠠ᠂ | ᠬᠢᠩᠭᠠᠨ ᠠᠶᠢᠮᠠᠭ᠂ ᠤᠯᠠᠭᠠᠨᠬᠠᠳᠠ ᠬᠤᠲᠠ ᠵᠡᠷᠭᠡ 3 ᠠᠶᠢᠮᠠᠭ ᠬᠤᠲᠠ 4 ᠬᠤᠰᠢᠭᠤ ᠰᠢᠶᠠᠨ 9 ᠤᠯᠤᠰ ᠤᠨ | ᠥᠮᠴᠢᠯᠡᠯᠲᠦ ᠣᠶ ᠰᠢᠭᠤᠶ ᠶᠢᠨ ᠲᠠᠯᠠᠪᠠᠶ ᠳᠤ ᠬᠦᠷᠴᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ | ᠲᠤᠬᠠᠶ ᠶᠢᠨ ᠲᠠᠯᠠᠪᠠᠶ ᠳᠤ ᠪᠠᠶᠢᠴᠠᠭᠠᠨ ᠦᠵᠡᠬᠦ᠂ ᠲᠤᠰᠬᠠᠶ ᠰᠡᠳᠦᠪ ᠢᠶᠠᠷ ᠶᠠᠷᠢᠯᠴᠠᠬᠤ᠂ ᠣᠶᠢᠵᠢᠭᠤᠯᠤᠯᠲᠠ ᠶᠢᠨ | ᠡᠷᠦᠬᠡ ᠶᠢ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠲᠤᠰᠬᠠᠶ ᠰᠡᠳᠦᠪᠲᠦ ᠪᠠᠶᠢᠴᠠᠭᠠᠨ | ᠰᠤᠳᠤᠯᠤᠯᠲᠠ ᠬᠢᠪᠠ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠲᠠᠷᠠᠭ᠎ᠠ᠂ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠳᠠᠭᠠᠤ ᠰᠢᠢᠳᠪᠦᠷᠢᠯᠡᠬᠦ ᠶᠢ ᠠᠬᠢᠭᠤᠯᠤᠨ᠎ᠠ᠃ |