ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠤᠯᠤᠰ ᠤᠨ ᠴᠢᠭᠢᠭᠯᠢᠭ ᠭᠠᠵᠠᠷ ᠪᠠ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠡᠬᠢᠯᠡᠯᠲᠡ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/5/11
   5 ᠰᠠᠷ᠎ᠠ ᠶᠢᠨ 8᠎ ᠤ ᠡᠳᠦᠷ᠂ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠪᠠ ᠴᠦᠯᠯᠡᠷᠬᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠡᠬᠢᠯᠡᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠪᠡᠭᠡᠵᠢᠩ ᠳᠤ ᠬᠤᠷᠠᠯᠳᠤᠵᠤ᠂ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠨᠡᠶᠢᠳᠡᠮ ᠪᠠᠶᠢᠴᠠᠭᠠᠬᠤ ᠠᠵᠢᠯ ᠤᠨ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠤᠨ ᠴᠢᠭᠢᠭᠯᠢᠭ ᠭᠠᠵᠠᠷ ᠪᠠ ᠴᠦᠯᠯᠡᠷᠬᠡᠭᠵᠢᠯ ᠢ ᠨᠡᠶᠢᠳᠡᠮ ᠪᠠᠶᠢᠴᠠᠭᠠᠬᠤ ᠠᠵᠢᠯ ᠢ ᠡᠬᠢᠯᠡᠭᠦᠯᠬᠦ ᠲᠤᠬᠠᠶ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠡᠷ ᠲᠡᠭᠡᠨ ᠪᠠᠶᠢᠭ᠎ᠠ 4 ᠤᠳᠤᠷᠢᠳᠤᠯᠭ᠎ᠠ᠂ ᠡᠯ᠎ᠡ ᠬᠠᠮᠢᠶ᠎ᠠ ᠪᠦᠬᠦᠢ ᠭᠠᠵᠠᠷ ᠵᠢᠴᠢ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ᠂ ᠮᠡᠷᠭᠡᠵᠢᠯ ᠤᠨ ᠭᠤᠤᠯᠯᠠᠭᠴᠢ ᠨᠠᠷ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
W020240509562853420411.jpg
    ᠬᠤᠷᠠᠯ ᠠᠴᠠ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠪᠠ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠲᠥᠰᠦᠯ ᠳᠤ ᠲᠠᠶᠢᠯᠤᠮᠵᠢ ᠬᠢᠵᠦ᠂ ᠱᠠᠨᠰᠢ ᠮᠤᠵᠢ ᠶᠢᠨ ᠣᠶ ᠰᠢᠭᠤᠶ ᠶᠢᠨ ᠲᠣᠪᠴᠢᠶ᠎ᠠ᠂ ᠱᠠᠨᠳᠦ᠋ᠩ ᠮᠤᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠤᠯᠤᠰ ᠤᠨ ᠨᠤᠲᠤᠭ ᠳᠡᠪᠢᠰᠬᠡᠷ ᠢ  ᠬᠢᠨᠠᠨ ᠬᠡᠮᠵᠢᠬᠦ ᠲᠥᠯᠥᠪᠵᠢᠭᠦᠯᠭᠡ ᠶᠢᠨ ᠬᠦᠷᠢᠶᠡᠯᠡᠩ ᠲᠣᠰ ᠲᠣᠰ ᠰᠠᠨᠠᠯ ᠢᠶᠠᠨ ᠰᠣᠯᠢᠯᠴᠠᠪᠡ᠃  
W020240509562853451890.png
      ᠬᠤᠷᠠᠯ ᠠᠴᠠ᠂ ᠤᠯᠤᠰ ᠤᠨ ᠨᠤᠲᠤᠭ ᠳᠡᠪᠢᠰᠬᠡᠷ ᠤᠨ ︽ᠭᠤᠷᠪᠠᠨ ᠲᠤᠬᠢᠷᠠᠭᠤᠯᠤᠯᠳᠠ︾᠎ ᠳᠤ ᠰᠠᠭᠤᠷᠢᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠬᠦ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠢ ᠨᠢᠭᠡᠳᠦᠯᠲᠡᠢ ᠪᠠᠶᠢᠴᠠᠭᠠᠵᠤ ᠬᠢᠨᠠᠨ ᠬᠡᠮᠵᠢᠬᠦ ᠴᠢᠭᠯᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠤᠢ ᠰᠢᠭᠤᠢ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠪᠣᠯᠤᠨ ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠢᠳᠡᠪᠬᠢᠲᠡᠢ ᠬᠠᠮᠵᠢᠯᠴᠠᠭ᠎ᠠ ᠶᠢ ᠰᠠᠶᠢᠲᠤᠷ ᠬᠢᠬᠦ ᠬᠡᠷᠡᠭᠲᠡᠢ᠃ ᠣᠳᠣᠬᠢ ᠪᠠᠶᠢᠳᠠᠯ ᠤᠨ ᠦᠨᠡᠨ ᠪᠣᠳᠠᠲᠤ ᠴᠢᠨᠠᠷ ᠢᠶᠠᠷ ᠵᠠᠷᠴᠢᠮ ᠪᠣᠯᠭᠠᠨ ᠨᠡᠶᠢᠳᠡᠮ ᠪᠠᠶᠢᠴᠠᠭᠠᠯᠲᠠ ᠶᠢᠨ ᠠᠵᠢᠯ ᠥᠷᠨᠢᠭᠦᠯᠬᠦ ᠶᠢ ᠪᠠᠷᠢᠮᠲᠠᠯᠠᠵᠤ᠂ ᠪᠣᠳᠠᠲᠠᠶ ᠭᠠᠵᠠᠷ ᠤᠨ ᠣᠳᠣᠬᠢ ᠪᠠᠶᠢᠳᠠᠯ ᠢ ᠦᠨᠳᠦᠰᠦᠯᠡᠨ ᠭᠠᠵᠠᠷ ᠰᠢᠷᠣᠶ ᠶᠢᠨ ᠲᠥᠷᠥᠯ ᠢ ᠮᠠᠭᠠᠳᠯᠠᠨ ᠲᠣᠭᠲᠠᠭᠠᠵᠤ᠂ ᠰᠠᠯᠠᠭ᠎ᠠ ᠮᠦᠴᠢᠷ ᠤᠨ ᠳᠠᠷᠤᠮᠠᠯᠯᠠᠨ ᠶᠠᠪᠤᠭᠤᠯᠤᠭᠰᠠᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠶᠣᠰᠣᠭᠠᠷ᠂ ᠲᠡᠦᠬᠡᠨ ᠪᠣᠳᠠᠲᠤ ᠪᠠᠶᠢᠳᠠᠯ ᠢ ᠦᠨᠳᠦᠰᠦᠯᠡᠨ ᠭᠠᠵᠠᠷ ᠰᠢᠷᠤᠢ ᠶᠢᠨ ᠲᠥᠷᠥᠯ ᠤᠨ ᠬᠠᠮᠢᠶᠠᠷᠤᠯᠲᠠ ᠶᠢ ᠶᠡᠷᠦᠩᠬᠡᠶᠢᠯᠡᠨ ᠰᠤᠳᠤᠯᠤᠨ ᠵᠢᠷᠤᠮᠵᠢᠭᠤᠯᠤᠨ᠎ᠠ᠃ ︽ᠨᠢᠭᠡᠳᠦᠯᠲᠡᠶ ᠲᠤᠰᠳᠠᠭᠠᠨ ᠨᠢᠭᠡᠳᠦᠯᠲᠡᠶ︾ ᠠᠵᠢᠯ ᠤᠨ ᠲᠣᠭᠲᠠᠴᠠ ᠶᠢ ᠪᠠᠷᠢᠮᠲᠠᠯᠠᠨ᠂ ᠪᠠᠶᠢᠴᠠᠭᠠᠯᠲᠠ ᠶᠢᠨ ᠡᠬᠡ ᠵᠢᠷᠤᠭ ᠢ ᠨᠢᠭᠡᠳᠦᠯᠲᠡᠶ ᠬᠠᠩᠭᠠᠬᠤ᠂ ᠡᠯ᠎ᠡ ᠭᠠᠵᠠᠷ ᠲᠤ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ᠂ ᠦᠷ᠎ᠡ ᠪᠦᠲᠦᠭᠡᠯ ᠢ ᠬᠢᠨᠠᠨ ᠬᠠᠷᠭᠤᠭᠤᠯᠵᠤ ᠨᠡᠶᠢᠲᠡᠯᠡᠬᠦ ᠵᠡᠷᠭᠡ ᠠᠵᠢᠯ ᠤᠨ ᠴᠤᠪᠤᠷᠠᠯ ᠢ ᠨᠢᠭᠡᠳᠦᠯᠲᠡᠶ ᠪᠠᠶᠢᠯᠭᠠᠵᠤ᠂ ᠲᠤᠬᠢᠷᠠᠮᠵᠢᠳᠠᠢ ᠬᠠᠮᠵᠢᠯᠴᠠᠭ᠎ᠠ ᠶᠢ ᠪᠠᠷᠢᠮᠲᠠᠯᠠᠨ᠂ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠪᠠ ᠡᠯᠡᠰᠦᠷᠬᠡᠭᠵᠢᠯ ᠢ ᠬᠢᠨᠠᠨ ᠬᠡᠮᠵᠢᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠤᠨ ᠪᠦᠷᠢᠨᠰᠢᠭᠦᠯᠦᠨ᠎ᠡ᠃
W020240509562853743336.jpg
    ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠪᠠ ᠴᠦᠯᠯᠡᠷᠬᠡᠭᠵᠢᠯ ᠤᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠰᠠᠭᠤᠷᠢ ᠲᠤᠭ᠎ᠠ ᠪᠠᠷᠢᠮᠲᠠ ᠬᠠᠩᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡᠨᠲᠡ ᠢᠯᠡᠷᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠯᠪᠤ ᠶᠢ ᠢᠯᠭᠠᠨ ᠳᠣᠲᠣᠯᠠᠬᠤ ᠶᠢ ᠬᠠᠮᠲᠤ ᠪᠠᠷ ᠰᠠᠶᠢᠲᠤᠷ ᠬᠢᠵᠦ᠂ ᠭᠠᠳᠠᠭᠠᠳᠤ ᠠᠵᠢᠯ ᠤᠨ ᠪᠠᠶᠢᠴᠠᠭᠠᠯᠲᠠ ᠶᠢ ᠬᠠᠮᠲᠤ ᠪᠠᠷ ᠥᠷᠨᠢᠭᠦᠯᠦᠨ᠂ ᠲᠤᠷᠰᠢᠯᠲᠠ ᠶᠢᠨ ᠴᠡᠭ ᠢ ᠬᠠᠮᠲᠤ ᠪᠠᠷ ᠰᠠᠶᠢᠲᠤᠷ ᠠᠳᠬᠤᠵᠤ᠂ ᠬᠠᠮᠲᠤ ᠪᠠᠷ ᠰᠤᠳᠤᠯᠤᠨ ᠮᠠᠭᠠᠳᠯᠠᠵᠤ ᠵᠥᠪᠳᠡᠯᠴᠡᠬᠦ ᠬᠡᠷᠡᠭᠲᠡᠶ᠃ ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠳᠦ ᠳᠤᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠣᠯᠪᠠᠰᠤᠷᠠᠯ᠂ ᠵᠢᠯᠣᠭᠤᠳᠣᠯᠭ᠎ᠠ᠂ ᠶᠠᠰᠤ ᠴᠢᠨᠠᠷ ᠤᠨ ᠪᠠᠶᠢᠴᠠᠭᠠᠯᠲᠠ᠂ ᠱᠠᠯᠠᠪᠳᠠᠭᠤᠯᠤᠨ ᠵᠢᠯᠣᠭᠤᠳᠬᠤ ᠪᠠᠷ ᠳᠠᠮᠵᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠤᠯᠢ ᠲᠣᠭᠲᠠᠭᠠᠯ ᠶᠣᠰᠣᠭᠠᠷ ᠨᠡᠶᠢᠳᠡᠮ ᠪᠠᠶᠢᠴᠠᠭᠠᠯᠲᠠ ᠥᠷᠨᠢᠭᠦᠯᠵᠦ᠂ ᠬᠥᠮᠦᠨ ᠤ ᠪᠡᠶ᠎ᠡ᠂ ᠡᠳ᠋ ᠬᠥᠷᠥᠩᠭᠡ᠂ ᠲᠤᠭ᠎ᠠ ᠪᠠᠷᠢᠮᠲᠠ᠂ ᠴᠢᠬᠡᠴᠢ ᠵᠠᠰᠠᠭ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃     ᠮᠠᠨ ᠤ ᠣᠷᠣᠨ ᠨᠢᠭᠡᠨᠲᠡ ᠪᠥᠬᠦ ᠤᠯᠤᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠤᠷᠰᠢᠯᠲᠠ ᠶᠢᠨ 12 ᠮᠤᠵᠢ ᠣᠷᠣᠨ ᠳᠤ ᠵᠢᠭᠰᠠᠭᠠᠭᠳᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠠᠵᠢᠯ ᠤᠨ ᠪᠠᠶᠢᠷᠢᠯᠠᠭᠤᠯᠤᠯᠲᠠ ᠪᠠᠨ ᠲᠦᠷᠭᠡᠳᠬᠡᠵᠦ᠂ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠨᠢᠭᠡᠳᠦᠯᠲᠡᠶ ᠲᠤᠰᠳᠠᠭᠠᠨ ᠨᠢᠭᠡᠳᠦᠯᠳᠡᠢ︾ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ 2025 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠪᠠ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号