ᠥᠪᠥᠷ ᠮᠣᠩᠭᠤᠯ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/5/13
          16 ᠳ᠋ᠤᠭᠠᠷ ᠤᠳᠠᠭᠠᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠬᠦᠷᠴᠦ ᠢᠷᠡᠬᠦ ᠲᠠᠰᠢᠷᠠᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 5 ᠰᠠᠷ᠎ᠠ ᠶᠢᠨ 11᠎ ᠤ ᠡᠳᠦᠷ ᠠᠴᠠ 5 ᠰᠠᠷ᠎ᠠ ᠶᠢᠨ 17᠎ ᠤ ᠡᠳᠦᠷ ᠪᠣᠯᠲᠠᠯ᠎ᠠ ᠪᠥᠬᠦ ᠣᠷᠣᠨ ᠤ ᠬᠡᠪᠴᠢᠶᠡᠨ ᠳᠤ 2024 ᠣᠨ ᠤ ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠦᠨ᠎ᠡ᠃ 5 ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ ᠨᠢ ᠪᠤᠭᠤᠲᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠳ᠋ᠦᠩ ᠾᠧ ᠲᠣᠭᠤᠷᠢᠭ ᠲᠤ ᠥᠪᠡᠷᠲᠡᠭᠡᠨ ᠵᠠᠰᠠᠬᠤ ᠣᠷᠣᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠵᠠᠰᠠᠬᠤ ᠶᠡᠷᠦᠩᠬᠡᠶ ᠥᠷᠲᠡᠭᠡ ᠶᠢᠨ ᠤᠳᠤᠷᠢᠳᠤᠯᠭ᠎ᠠ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠨ᠂ ᠪᠤᠭᠤᠲᠤ ᠬᠤᠲᠠ ᠵᠢᠴᠢ ᠡᠯ᠎ᠡ ᠬᠤᠰᠢᠭᠤ ᠰᠢᠶᠠᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠳᠤᠷᠢᠳᠤᠯᠭ᠎ᠠ᠂ ᠬᠤᠲᠠ ᠬᠤᠰᠢᠭᠤ ᠬᠤᠶᠠᠷ ᠱᠠᠲᠤᠨ ᠤ ᠣᠶ ᠰᠢᠭᠤᠶ  ᠪᠠ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢᠨ ᠪᠥᠬᠦ ᠺᠠᠳ᠋ᠷ ᠠᠵᠢᠯᠲᠠᠨ ᠠᠵᠢᠯᠴᠢᠨ ᠵᠢᠴᠢ ᠨᠡᠶᠢᠭᠡᠮ ᠤᠨ ᠨᠡᠶᠢᠲᠡ 300 ᠭᠠᠷᠤᠶ ᠬᠥᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠪᠥᠬᠦ ᠣᠷᠣᠨ ᠤ 12 ᠠᠶᠢᠮᠠᠭ ︵ᠬᠤᠲᠠ︶᠎ ᠤᠨ 103 ᠬᠤᠰᠢᠭᠤ ︵ᠰᠢᠶᠠᠨ᠂ ᠲᠣᠭᠤᠷᠢᠭ︶ ᠡᠯ᠎ᠡ ᠭᠠᠵᠠᠷ ᠲᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠡᠷᠭᠡᠪᠡᠷ ᠡᠬᠢᠯᠡᠭᠦᠯᠪᠡ᠃     ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠬᠦᠯᠬᠦ ᠶᠢᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ ᠶᠤᠮ᠂ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠯᠪᠠᠨ ᠬᠡᠷ ᠤᠨ 2024 ᠣᠨ ᠤ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠠᠮᠤᠷ ᠢ ᠬᠠᠮᠠᠭᠠᠯᠠᠬᠤ ᠵᠠᠬᠢᠳᠠᠯ〔 2024〕8 ᠳ᠋ᠤᠭᠠᠷ ᠲᠣᠭᠠᠲᠤ︶᠂ ︽ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠲᠥᠪ ᠤᠨ 2024 ᠣᠨ ᠤ ︿ᠣᠶ ᠰᠢᠭᠤᠶ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠭᠠᠷᠠᠭ﹀᠎ ᠤᠨ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ︵ᠰᠡᠷᠭᠡᠶᠢᠯᠡᠨ ᠡᠵᠡᠮᠳᠡᠬᠦ ᠲᠠᠷᠬᠠᠭᠠᠭᠰᠠᠨ 〔2024〕15 ᠳ᠋ᠤᠭᠠᠷ ᠲᠣᠭᠠᠲᠤ︶᠎ ᠎ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ  ᠶᠤᠰᠤᠭᠠᠷ᠂ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠤᠬᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠᠶᠢᠭᠤᠯᠤᠮᠵᠢ ᠶᠢ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠬᠦᠨᠳᠦ ᠡᠭᠦᠷᠭᠡ ᠶᠢ ᠡᠭᠦᠷᠭᠡᠯᠡᠵᠦ᠂ ᠬᠦᠴᠢᠷ ᠪᠡᠷᠬᠡ ᠶᠢ ᠳᠠᠪᠠᠵᠤ᠂ ᠬᠠᠷᠢᠭᠤᠴᠠᠯᠭ᠎ᠠ ᠡᠭᠦᠷᠭᠡᠯᠡᠵᠦ᠂ ᠣᠶ ᠰᠢᠭᠤᠢ ᠨᠤᠲᠤᠭ ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠤᠬᠠᠭᠤᠯᠤᠨ ᠳᠠᠶᠢᠴᠢᠯᠠᠬᠤ ᠠᠵᠢᠯ ᠢ ᠴᠥᠬᠦᠷᠡᠰᠢ ᠥᠬᠡᠶ ᠰᠠᠶᠢᠲᠤᠷ ᠬᠢᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠬᠠᠮᠲᠤ ᠶᠢᠨ ᠲᠠᠨᠢᠯᠲᠠ ᠲᠠᠢ ᠪᠣᠯᠭᠠᠵᠤ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠬᠢᠨ ᠬᠠᠮᠲᠤ ᠪᠠᠷ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号