| 5 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠮᠠᠷᠠᠲᠤ ᠶᠢᠨ | ᠭᠤᠷᠪᠠᠨ ᠤᠷᠤᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠵᠢᠴᠢ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ | ᠴᠣᠭᠴᠠᠵᠢᠭᠤᠯᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ | ᠪᠥᠭᠡᠳ ᠶᠠᠷᠢᠶ᠎ᠠ ᠲᠠᠯᠪᠢᠵᠤ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠥᠪᠥᠷ | ᠮᠣᠩᠭᠤᠯ ᠳᠤ ᠰᠠᠭᠤᠭ᠎ᠠ ᠲᠤᠰᠬᠠᠶ ᠲᠤᠰᠢᠶᠠᠯᠲᠠᠨ ᠤ ᠠᠯᠪᠠᠨ ᠬᠡᠷ ᠤᠨ ᠲᠤᠰᠬᠠᠶ ᠲᠤᠰᠢᠶᠠᠯᠲᠠᠨ ᠯᠢ ᠶᠠᠨ ᠬᠤᠸᠠ | ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ | ᠵᠣᠣ ᠱᠧᠩ ᠬᠤᠷᠠᠯ ᠳᠤ ᠣᠷᠣᠯᠴᠠᠵᠠᠶ᠃ ᠪᠠᠶᠠᠨᠨᠠᠭᠤᠷ᠂ ᠣᠷᠳᠣᠰ᠂ ᠤᠯᠠᠭᠠᠨᠬᠠᠳᠠ᠂ ᠰᠢᠯᠢ ᠶᠢᠨ ᠭᠤᠤᠯ᠂ ᠠᠯᠠᠱᠠ | 5 ᠠᠶᠢᠮᠠᠭ ᠬᠤᠲᠠ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠪᠣᠳᠠᠲᠠᠶ ᠠᠵᠢᠯ ᠤᠨ ᠪᠠᠶᠢᠷᠢᠯᠠᠭᠤᠯᠤᠯᠲᠠ ᠬᠢᠪᠠ᠃ | | | | | | | ᠬᠤᠷᠠᠯ ᠠᠴᠠ᠂ ᠥᠪᠥᠷ ᠮᠣᠩᠭᠤᠯ ᠪᠣᠯ ᠪᠦᠬᠦ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ | ᠳᠠᠶᠢᠯᠠᠯᠳᠤᠭᠠᠨ ᠤ ᠲᠠᠯᠠᠪᠤᠷ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠤᠨ᠎ᠠ᠃ | ︽ᠤᠮᠠᠷᠠᠲᠤ ᠶᠢᠨ ᠭᠤᠷᠪᠠᠨ ᠤᠷᠤᠨ ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ | ᠳᠠᠶᠢᠯᠠᠯᠳᠤᠭᠠᠨ ᠤ ︽ᠬᠤᠶᠠᠷ ᠬᠠᠭᠠᠰ︾ ᠨᠢ ᠥᠪᠥᠷ ᠮᠣᠩᠭᠤᠯ ᠳᠤ ᠪᠠᠶᠢᠵᠤ᠂ 60 % ᠠᠴᠠ ᠳᠡᠭᠡᠭᠰᠢᠬᠢ | ᠠᠵᠢᠯ ᠤᠨ ᠬᠡᠮᠵᠢᠶ᠎ᠡ ᠨᠢ ᠥᠪᠥᠷ ᠮᠣᠩᠭᠤᠯ ᠳᠤ ᠪᠠᠶᠢᠨ᠎ᠠ᠃ ᠨᠢᠳᠤᠨᠤᠨ ᠤ 6 ᠰᠠᠷ᠎ᠠ ᠳᠤ ᠶᠡᠷᠦᠩᠬᠡᠢ ᠱᠦᠵᠢ ᠰᠢ ᠶᠢᠨ | ᠫᠢᠩ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ ᠪᠦᠬᠦ ᠤᠯᠤᠰ ᠲᠤ ︽ᠤᠮᠠᠷᠠᠲᠤ ᠶᠢᠨ | ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠡᠷᠦᠩᠬᠡᠢ | ᠲᠠᠶᠢᠴᠢᠯᠠᠯᠳᠠ ᠶᠢᠨ ᠵᠠᠷᠯᠢᠭ ᠪᠠᠭᠤᠯᠭᠠᠭᠰᠠᠨ ᠠᠴᠠ ᠨᠠᠭᠠᠰᠢ᠂ ᠥᠪᠥᠷ ᠮᠣᠩᠭᠤᠯ ᠵᠠᠷᠯᠢᠭ ᠢ ᠰᠣᠨᠣᠰᠤᠮᠠᠭᠴᠠ ᠪᠠᠨ | ᠬᠥᠳᠡᠯᠦᠯᠴᠡᠵᠦ᠂ ᠤᠬᠠᠮᠰᠠᠷ ᠠᠴᠠ ᠪᠠᠨ ᠭᠤᠣᠯ ᠲᠠᠭᠠᠷᠢᠯᠳᠠ ᠬᠢᠵᠦ᠂ ᠭᠤᠣᠯ ᠬᠦᠴᠦᠨ ᠪᠣᠯᠪᠠ᠂ ᠪᠦᠬᠦ ᠣᠷᠣᠨ ᠤ | ᠡᠯ᠎ᠡ ᠭᠠᠵᠠᠷ ᠤᠨ ᠬᠢᠨ ᠵᠠᠰᠠᠯᠲᠠ ᠶᠢ ᠪᠠᠴᠢᠮ ᠶᠠᠭᠠᠷᠠᠯᠲᠠᠢ ᠠᠬᠢᠭᠤᠯᠪᠠ᠂ ᠨᠢᠳᠤᠨᠤᠨ᠂ ᠪᠦᠬᠦ ᠣᠷᠣᠨ ᠤ ᠬᠢᠨ ᠨᠡᠶᠢᠳᠡ | 950 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ ᠤᠯᠤᠰ ᠠᠴᠠ ᠪᠠᠭᠤᠯᠭᠠᠭᠰᠠᠨ 50 | % ᠠᠴᠠ ᠳᠡᠭᠡᠭᠰᠢᠬᠢ ᠡᠭᠦᠷᠬᠡ ᠶᠢ ᠳᠠᠪᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠤᠷᠤᠭᠰᠢᠳᠠᠢ ᠡᠬᠢᠯᠡᠬᠦᠯᠪᠡ︔ ᠡᠨᠡ ᠵᠢᠯ᠂ 604 ᠲᠦᠮᠡᠨ ᠮᠦ | ᠡᠯᠡᠰᠦ ᠶᠢ ᠰᠡᠷᠭᠡᠶᠢᠯᠡᠨ ᠵᠠᠰᠠᠬᠤ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠪᠡᠶᠡᠯᠡᠭᠦᠯᠦᠭᠰᠡᠨ | ᠬᠡᠮᠵᠢᠶᠡᠨ ᠤ 4 ᠳᠠᠬᠢᠨ ᠰᠢᠬᠠᠮ ᠪᠣᠯᠪᠠ᠃ | | | | | | | ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ | ᠬᠦ ᠳᠡᠭᠡᠭᠰᠢᠯᠡᠭᠦᠯᠵᠦ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠪᠠᠲᠤ ᠴᠢᠩᠭ᠎ᠠ ᠲᠡᠦᠬᠡᠲᠦ | ᠡᠭᠦᠷᠭᠡᠲᠦ ᠰᠡᠳᠬᠢᠯᠭᠡ ᠪᠣᠯᠤᠨ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠡᠯᠡᠰᠦ ᠲᠠᠢ ᠲᠡᠮᠡᠴᠡᠬᠦ | ᠬᠡᠷᠡᠭᠲᠡᠢ᠃ ᠵᠣᠯᠭᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠲᠥᠷᠥᠯ ᠵᠦᠢᠯ ᠤᠨ ᠪᠠᠯᠠ ᠮᠥᠩᠭᠦ ᠶᠢ | ᠢᠳᠡᠪᠬᠢᠲᠡᠶ ᠲᠡᠮᠡᠴᠡᠨ ᠤᠯᠬᠤ ᠬᠡᠷᠡᠭᠲᠡᠶ᠃ ᠮᠠᠰᠢᠨ ᠢᠶᠠᠷ ᠡᠯᠡᠰᠦᠷᠬᠡᠭᠵᠢᠯ ᠢ ᠵᠠᠰᠠᠬᠤ ᠪᠦᠷᠬᠦᠴᠡ ᠶᠢᠨ ᠬᠡᠪᠴᠢᠶ᠎ᠡ ᠶᠢ | ᠥᠷᠭᠡᠳᠬᠡᠵᠦ᠂ ᠡᠯᠡᠰᠦᠷᠬᠡᠭᠵᠢᠯ ᠢ ᠵᠠᠰᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ᠴᠢᠬᠢ ᠮᠣᠳᠣᠨ ᠤ ᠲᠦᠭᠦᠬᠡᠶ ᠮᠠᠲ᠋ᠧᠷᠢᠶᠠᠯ ᠢ ᠭᠦᠢᠴᠡᠳ ᠪᠡᠯᠡᠳᠬᠡᠵᠦ᠂ ᠲᠤᠬᠠᠶ ᠶᠢᠨ ᠭᠠᠵᠠᠷ ᠠᠴᠠ ᠮᠠᠲ᠋ᠧᠷᠢᠶᠠᠯ | ᠠᠪᠬᠤ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠡᠯᠡᠰᠦ ᠶᠢ ᠵᠠᠰᠠᠬᠤ ᠥᠪᠡᠷ ᠤᠨ ᠥᠷᠲᠡᠭ ᠢ | ᠪᠠᠭᠤᠷᠠᠭᠤᠯᠤᠨ᠎ᠠ᠃ ᠲᠠᠷᠢᠶᠠᠴᠢᠨ ᠮᠠᠯᠴᠢᠳ ᠤᠨ ᠢᠳᠡᠪᠬᠢᠵᠢᠯ ᠢ ᠰᠠᠶᠢᠲᠤᠷ ᠳᠠᠶᠢᠴᠢᠯᠠᠵᠤ᠂ ︽ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ︾ ᠡᠯᠡᠰᠦᠷᠬᠡᠭᠵᠢᠯ ᠢ ᠵᠠᠰᠠᠬᠤ ᠵᠠᠭᠪᠤᠷ ᠢ ᠳᠡᠯᠭᠡᠷᠡᠭᠦᠯᠵᠦ᠂ ᠲᠤᠰ ᠭᠠᠵᠠᠷ | ᠣᠷᠣᠨ ᠤ ᠪᠠᠨ ᠲᠠᠷᠢᠶᠠᠴᠢᠨ ᠮᠠᠯᠴᠢᠳ ᠤᠨ ᠴᠠᠯᠢᠩ ᠤᠨ ᠣᠷᠣᠯᠭ᠎ᠠ ᠶᠢ ᠳᠡᠭᠡᠭᠰᠢᠯᠡᠭᠦᠯᠬᠦ ᠬᠡᠷᠡᠭᠲᠡᠶ᠃ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ | ᠵᠠᠭᠪᠤᠷ ᠢ ᠬᠠᠶᠢᠨ ᠰᠦᠪᠡᠭᠴᠢᠯᠡᠵᠦ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠭᠦᠨᠵᠡᠭᠡᠶᠢᠷᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ | ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠪᠠ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠨᠢᠭᠲᠠ ᠬᠤᠯᠪᠣᠭᠠᠲᠤ ᠴᠣᠭᠴᠠ ᠶᠢᠨ ᠲᠣᠭᠲᠠᠴᠠ ᠶᠢ ᠲᠦᠷᠭᠡᠳᠬᠡᠨ ᠪᠠᠶᠢᠭᠤᠯᠵᠤ᠂ | ᠮᠡᠷᠭᠡᠵᠢᠯ ᠤᠨ ᠲᠦᠷᠢᠮ ᠢ ᠴᠢᠩᠭ᠎ᠠ ᠵᠢᠷᠤᠮᠯᠠᠨ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠢ ᠰᠠᠶᠢᠲᠤᠷ | ᠬᠡᠷᠡᠭᠵᠢᠭᠦᠯᠵᠦ᠂ ᠪᠠᠶᠢᠭᠤᠯᠤᠭᠰᠠᠨ ᠤ ᠲᠠᠷᠠᠭ᠎ᠠ ᠰᠢᠯᠵᠢᠭᠦᠯᠦᠨ ᠲᠤᠰᠢᠶᠠᠵᠤ ᠬᠠᠮᠢᠶᠠᠷᠤᠨ ᠬᠠᠮᠠᠭᠠᠯᠠᠬᠤ ᠠᠰᠠᠭᠤᠳᠠᠯ ᠢ | ᠨᠠᠷᠢᠨ ᠬᠢᠨᠠᠮᠠᠭᠠᠢ ᠰᠤᠳᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ᠰᠠᠶᠢᠲᠤᠷ ᠪᠠᠬᠢᠵᠢᠭᠦᠯᠵᠦ᠂ ︽1 + 1﹀ 2︾ | ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ | | | | | |