︽ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ᠬᠦᠴᠦ ᠪᠠᠨ ᠬᠠᠮᠲᠤᠳᠬᠠᠨ ︿ᠤᠮᠠᠷᠠᠲᠤ ᠶᠢᠨ ᠭᠤᠷᠪᠠᠨ ᠤᠷᠤᠨ﹀᠎ ᠎ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠰᠠᠨᠠᠯ︾ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠭᠡᠷᠡᠴᠢᠯᠡᠭᠡ ᠰᠣᠨᠣᠰᠬᠤ ᠬᠤᠷᠠᠯ ᠤᠨ ᠠᠯᠪᠠᠨ ᠵᠠᠷ
ᠨᠡᠶᠢᠲᠡᠯᠡᠭᠰᠡᠨ ᠴᠠᠭ᠄
2024/5/16
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠤᠯᠬᠤ ᠲᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ 〔2016〕1  ᠳ᠋ᠦ᠋ᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ  ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ︾ ︵ᠥᠪᠥᠷ ᠨᠠᠮ ᠠᠯᠪᠠᠨ ᠲᠠᠷᠬᠠᠭᠠᠭᠰᠠᠨ〔 2021〕7 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ︽ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ᠬᠦᠴᠦ ᠪᠠᠨ ᠬᠠᠮᠲᠤᠳᠬᠠᠨ ︿ᠤᠮᠠᠷᠠᠲᠤ ᠶᠢᠨ ᠭᠤᠷᠪᠠᠨ ᠣᠷᠣᠨ ﹀᠎ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠰᠠᠨᠠᠯ︾᠎ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠭᠡᠷᠡᠴᠢᠯᠡᠭᠡ ᠰᠣᠨᠣᠰᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠪᠠ᠄      ᠨᠢᠭᠡ᠂ ᠬᠤᠷᠠᠯ ᠤᠨ ᠴᠠᠭ᠄      2024 ᠣᠨ ᠤ 5 ᠰᠠᠷ᠎ᠠ ᠶᠢᠨ 20᠎ ᠤ ᠡᠳᠦᠷ ︵ᠭᠠᠷᠠᠭ ᠤᠨ ᠨᠢᠭᠡᠨ︶᠎ ᠤᠨ ᠦᠳᠡ ᠶᠢᠨ ᠡᠮᠦᠨ᠎ᠡ  09᠄ 30—12᠄ 00      ᠬᠤᠶᠠᠷ᠂ ᠬᠤᠷᠠᠯ ᠬᠢᠬᠦ ᠭᠠᠵᠠᠷ᠄     ᠎ ᠶᠢᠨ ᠢ ᠪᠠᠭᠤᠳᠠᠯ ︵ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠵᠠᠭᠤᠳᠠᠬᠢ︶᠎ ᠤᠨ ᠶᠢᠰᠦᠳᠦᠭᠡᠷ ᠳᠠᠪᠬᠤᠷᠯᠢᠭ ᠤᠨ ᠬᠤᠷᠠᠯ ᠤᠨ ᠬᠡᠷ      ᠭᠤᠷᠪᠠ᠂ ᠭᠡᠷᠡᠴᠢᠯᠡᠭᠡ ᠰᠣᠨᠣᠰᠬᠤ ᠬᠤᠷᠠᠯ ᠤᠨ ᠵᠦᠢᠯᠡᠰ᠄      ᠭᠡᠷᠡᠴᠢᠯᠡᠭᠡ ᠰᠣᠨᠣᠰᠬᠤ ᠬᠤᠷᠠᠯ ᠤᠨ ᠠᠵᠢᠯᠲᠠᠳ ︽ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ᠬᠦᠴᠦ ᠪᠠᠨ ᠬᠠᠮᠲᠤᠳᠬᠠᠨ ︿ᠤᠮᠠᠷᠠᠲᠤ ᠶᠢᠨ ᠭᠤᠷᠪᠠᠨ ᠤᠷᠤᠨ﹀᠎ ᠎ ᠤ ᠢᠨᠵᠧᠨᠧᠷᠢᠩ ᠤᠨ ᠪᠤᠭᠤᠮᠳᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠤᠬᠠᠶ ᠰᠠᠨᠠᠯ︾᠎ ᠤᠨ ᠨᠡᠶᠢᠭᠡᠮ ᠢ ᠲᠣᠭᠲᠠᠭᠤᠨ ᠪᠠᠶᠢᠯᠭᠠᠬᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠲᠤᠬᠠᠶ ᠰᠠᠨᠠᠯ᠂ ᠰᠠᠨᠠᠭᠤᠯᠭ᠎ᠠ ᠶᠢ ᠰᠣᠨᠣᠰᠬᠤ ᠶᠢᠨ ᠬᠠᠮᠲᠤ ᠯᠠᠪᠯᠠᠯᠭ᠎ᠠ ᠶᠢ ᠬᠦᠯᠢᠶᠡᠨ ᠠᠪᠤᠨ᠎ᠠ᠃      ᠲᠦᠷᠪᠡ᠂ ᠭᠡᠷᠡᠴᠢᠯᠡᠭᠡ ᠰᠣᠨᠣᠰᠬᠤ ᠳᠤ ᠣᠷᠣᠯᠴᠠᠭᠰᠠᠳ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ︽ᠤᠮᠠᠷᠠᠲᠤ ᠶᠢᠨ ᠭᠤᠷᠪᠠᠨ ᠤᠷᠤᠨ︾᠎ ᠎ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠤᠯᠪᠤᠭᠳᠠᠬᠤ ᠭᠤᠤᠯ ᠪᠣᠯᠬᠤ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠥᠯᠥᠭᠡᠯᠡᠭᠴᠢ᠂ ᠡᠯ᠎ᠡ ᠭᠠᠵᠠᠷ ᠣᠷᠣᠨ ᠤ ᠲᠣᠰ ᠰᠠᠨᠠᠯ ᠢ ᠬᠡᠷᠡᠭᠵᠢᠭᠦᠯᠬᠦ ᠬᠡᠪᠴᠢᠶᠡᠨ ᠳᠠᠬᠢ ᠭᠤᠤᠯ ᠪᠣᠯᠬᠤ ᠠᠰᠢᠭ ᠲᠤᠰᠠ ᠶᠢᠨ ᠬᠠᠮᠲᠤᠯᠢᠭ ᠤᠨ ᠲᠥᠯᠥᠭᠡᠯᠡᠭᠴᠢ᠃     ᠲᠠᠪᠤ᠂ ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠳᠤ ᠠᠩᠬᠠᠷᠬᠤ ᠵᠦᠢᠯ᠄      1 . ᠭᠡᠷᠡᠴᠢᠯᠡᠭᠡ ᠰᠣᠨᠣᠰᠬᠤ ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠬᠤᠷᠠᠯ ᠳᠤ ᠴᠠᠭ ᠲᠠᠭᠠᠨ ᠣᠷᠣᠯᠴᠠᠬᠤ ᠬᠡᠷᠡᠭᠲᠡᠶ᠂ ᠬᠤᠵᠢᠭᠳᠠᠪᠠᠯ ᠭᠡᠷᠡᠴᠢᠯᠡᠭᠡ ᠰᠣᠨᠣᠰᠬᠤ ᠡᠷᠬᠡ ᠪᠠᠨ ᠰᠠᠨᠠᠭᠠᠴᠢᠯᠠᠭ᠎ᠠ ᠠᠴᠠ ᠪᠠᠨ ᠬᠠᠶᠠᠭᠰᠠᠨ ᠢᠶᠠᠷ ᠦᠵᠡᠵᠦ᠂ ᠬᠤᠷᠠᠯ ᠤᠨ ᠲᠠᠯᠠᠪᠠᠶ ᠳᠤ ᠣᠷᠣᠵᠤ ᠪᠣᠯᠬᠤ ᠦᠭᠡᠶ︔      2᠂ ᠭᠡᠷᠡᠴᠢᠯᠡᠭᠡ ᠰᠣᠨᠣᠰᠬᠤ ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠪᠠᠷ ᠪᠠᠶᠢᠭ᠎ᠠ ᠵᠦᠢᠯᠡᠰ ᠤᠨ ᠴᠢᠬᠤᠯᠠ ᠴᠢᠨᠠᠷ᠂ ᠪᠣᠯᠤᠮᠵᠢᠲᠤ ᠴᠢᠨᠠᠷ ᠵᠢᠴᠢ ᠪᠣᠳᠠᠲᠠᠢ ᠠᠭᠤᠯᠭ᠎ᠠ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠬᠤ ᠡᠷᠬᠡ ᠲᠠᠢ︔      3 . ᠭᠡᠷᠡᠴᠢᠯᠡᠭᠡ ᠰᠣᠨᠣᠰᠬᠤ ᠳᠤ ᠣᠷᠣᠯᠴᠠᠭᠰᠠᠨ ᠬᠥᠮᠦᠰ ᠪᠣᠳᠠᠲᠤ ᠬᠡᠷᠡᠭ ᠲᠤ ᠦᠨᠡᠨᠴᠢ ᠪᠠᠶᠢᠵᠤ᠂ ᠲᠥᠯᠥᠭᠡᠯᠡᠵᠦ ᠪᠠᠶᠢᠭ᠎ᠠ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠰᠠᠨᠠᠯ ᠢ ᠦᠨᠡᠨ ᠪᠤᠳᠠᠳᠠᠢ ᠪᠠᠷ ᠲᠤᠰᠬᠠᠬᠤ ᠬᠡᠷᠡᠭᠲᠡᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ           ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ                                                                          2024 ᠣᠨ ᠤ 5 ᠰᠠᠷ᠎ᠠ ᠶᠢᠨ 12᠎ ᠤᠨ ᠡᠳᠦᠷ
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号