| 5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ | ᠪᠠᠶᠢᠳᠠᠯ ᠢ ᠮᠡᠳᠡᠭᠳᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠡᠨᠡ ᠬᠦ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠠᠮᠢ | ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠤ ᠡᠨᠡ ᠬᠦ ᠬᠦᠪᠴᠢ ᠶᠢ ᠴᠠᠭ ᠢᠮᠠᠭᠲᠠ ᠴᠢᠩᠭᠠᠯᠠᠵᠤ᠂ ︽ᠴᠠᠭ | ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠦ ᠰᠡᠳᠬᠢᠯᠭᠡ ᠪᠠ ︽ᠶᠠᠪᠤᠳᠠᠯ ᠪᠣᠯᠭᠠᠨ ᠳᠤ | ᠳᠣᠲᠣᠷ᠎ᠠ ᠪᠠᠨ ᠲᠤᠭ᠎ᠠ ᠲᠠᠢ ᠪᠠᠶᠢᠬᠤ︾ ᠬᠡᠷᠡᠭᠵᠢᠭᠦᠯᠬᠦ ᠬᠦᠴᠦᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠠᠭᠠᠯᠠᠬᠤ᠂ | ᠵᠠᠰᠠᠬᠤ᠂ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠬᠥᠭᠵᠢᠯᠲᠡ ᠶᠢ ᠠᠳᠬᠤᠪᠠᠯ ᠬᠠᠮᠠᠭᠠᠯᠠᠯᠲᠠ ᠶᠢ ᠠᠳᠬᠤᠬᠤ ᠪᠠᠨ ᠮᠠᠷᠲᠠᠬᠤ ᠶᠢ ᠡᠷᠡᠰ ᠰᠡᠷᠭᠡᠶᠢᠯᠡᠵᠦ᠂ ᠨᠢᠭᠡ | ᠲᠦᠯᠬᠢᠪᠡᠯ ᠨᠢᠭᠡ ᠬᠦᠴᠦᠯᠡᠵᠦ᠂ ᠲᠦᠯᠬᠢᠬᠦ ᠦᠭᠡᠢ ᠪᠣᠯ ᠬᠦᠳᠡᠯᠬᠦ ᠦᠭᠡᠢ ᠪᠠᠶᠢᠬᠤ ᠶᠢ ᠡᠷᠡᠰ ᠰᠡᠷᠭᠡᠶᠢᠯᠡᠵᠦ᠂ ᠨᠢᠭᠤᠷ | ᠲᠠᠯ᠎ᠠ ᠬᠠᠷᠠᠬᠤ᠂ ᠰᠠᠶᠢᠨ ᠬᠦᠮᠦᠨ ᠪᠣᠯᠬᠤ᠂ ᠬᠢᠨᠠᠯᠲᠡ ᠬᠠᠮᠢᠶᠠᠷᠤᠯᠲᠠ ᠳᠤ ︽ᠠᠭᠤᠵᠢᠭᠤ ᠰᠤᠯᠠ ᠵᠥᠭᠡᠯᠡᠨ︾ | ᠪᠠᠶᠢᠬᠤ ᠶᠢ ᠡᠷᠡᠰ ᠰᠡᠷᠭᠡᠶᠢᠯᠡᠵᠦ᠂ ︽ᠪᠠᠷᠤᠭ ᠲᠥᠯᠥᠪ︾᠂ ︽ᠠᠷᠭᠠᠴᠠᠭᠠᠵᠤ ᠳᠡᠶᠢᠯᠬᠦ︾ ᠣᠪᠣᠷ ᠢᠶᠠᠷ ᠴᠡᠭᠴᠡᠯᠡᠨ | ᠥᠭᠡᠷᠡᠴᠢᠯᠡᠬᠦ ᠠᠵᠢᠯ ᠢ ᠠᠳᠬᠤᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠨ ᠬᠢᠨ ᠡᠯ᠎ᠡ ᠲᠦᠷᠦᠯ ᠤᠨ ᠱᠠᠯᠠᠪᠳᠠᠭᠤᠯᠤᠨ | ᠪᠠᠶᠢᠴᠠᠭᠠᠵᠤ ᠬᠢᠨᠠᠨ ᠰᠢᠯᠭᠠᠭᠰᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠢᠩᠭ᠎ᠠ ᠠᠩᠬᠠᠷᠴᠤ᠂ ᠦᠨᠡᠨ | ᠪᠤᠲᠠᠲᠠᠢ ᠠᠵᠢᠯᠯᠠᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠰᠠᠮᠠᠭᠤᠨ ᠦᠵᠡᠭᠳᠡᠯ ᠢ ᠵᠠᠰᠠᠵᠤ᠂ ᠲᠤᠰᠬᠠᠢ | ᠠᠵᠢᠯᠯᠠᠭ᠎ᠠ ᠦᠷᠨᠢᠭᠦᠯᠵᠦ᠂ ᠲᠣᠭᠲᠠᠭᠠᠯ ᠠᠴᠠ ᠵᠦᠷᠢᠴᠡᠨ ᠤᠰᠤ ᠠᠪᠴᠤ ᠬᠡᠷᠡᠭᠯᠡᠬᠦ᠂ ᠬᠠᠤᠯᠢ ᠪᠤᠰᠤ ᠪᠠᠷ ᠪᠣᠬᠢᠷᠳᠤᠯ | ᠪᠤᠳᠠᠰ ᠭᠠᠳᠠᠭᠰᠢᠯᠠᠭᠤᠯᠬᠤ᠂ ᠳᠤᠷ᠎ᠠ ᠪᠠᠷ ᠢᠶᠠᠨ ᠬᠤᠭ ᠨᠣᠪᠰᠢ ᠬᠠᠶᠠᠬᠤ᠂ ᠨᠤᠲᠤᠭ ᠪᠡᠯᠴᠢᠭᠡᠷ ᠣᠶᠢᠲᠦ ᠭᠠᠵᠠᠷ ᠢ | ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠰᠣᠬᠤᠷ ᠪᠠᠯᠠᠢ ᠪᠠᠷ ︽ᠬᠤᠶᠠᠷ ᠦᠨᠳᠦᠷ ᠨᠢᠭᠡ ᠳᠣᠣᠷ᠎ᠠ︾ ᠲᠦᠷᠦᠯ | ᠵᠦᠢᠯ ᠢ ᠬᠡᠷᠡᠭᠵᠢᠭᠦᠯᠬᠦ ᠵᠡᠷᠭᠡ ᠳᠣᠪᠤᠶᠢᠮ᠎ᠠ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠨᠢᠭᠡ ᠠᠴᠠ ᠨᠥᠭᠦᠭᠡ ᠶᠢ | ᠵᠦᠢᠴᠢᠯᠡᠨ ᠠᠰᠠᠭᠤᠳᠠᠯ ᠢ ᠨᠢᠭᠡᠳ ᠨᠢᠭᠡ ᠪᠠᠷ ᠪᠤᠲᠠᠲᠠᠢ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ᠤ ︽ᠨᠢᠭᠡᠳᠦᠭᠡᠷ ᠭᠠᠷ︾ ᠡᠷᠬᠡᠪᠰᠢ ᠦᠨᠡᠨ ᠬᠦ | ᠭᠠᠷᠳᠠᠨ ᠬᠢᠵᠦ᠂ ︽ᠤᠳᠠᠭᠠᠨ᠂ ᠪᠦᠳᠦᠭᠦᠯᠢᠭ᠂ ᠬᠤᠳᠠᠯ︾ ᠪᠠᠶᠢᠬᠤ ᠠᠰᠠᠭᠤᠳᠠᠯ ᠢ ᠡᠷᠡᠰ ᠲᠡᠪᠴᠢᠵᠤ᠂ ᠱᠠᠲᠤ | ᠳᠠᠷᠠᠭᠠᠯᠠᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠰᠠᠭᠤᠳᠠᠯ ᠤᠨ ᠨᠠᠷᠢᠨ ᠳᠠᠩᠰᠠ᠂ ᠠᠷᠭ᠎ᠠ | ᠬᠡᠮᠵᠢᠶ᠎ᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠤᠰᠬᠠᠢ ᠬᠦᠮᠦᠨ | ᠬᠠᠷᠢᠭᠤᠴᠠᠵᠤ᠂ ᠲᠤᠰᠬᠠᠢ ᠵᠦᠢᠯ ᠢᠶᠠᠷ ᠱᠠᠯᠠᠪᠳᠠᠭᠤᠯᠤᠨ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠶᠢ | ᠲᠦᠷᠭᠡᠳᠬᠡᠨ᠂ ᠣᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠨ ᠬᠢᠨ ᠤᠬᠠᠭᠤᠯᠵᠤ ᠬᠦᠲᠦᠯᠦᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ | ᠬᠦᠴᠦᠨ ᠢ ᠪᠦᠷᠢᠯᠳᠦᠭᠦᠯᠵᠦ᠂ ᠬᠠᠮᠠᠭᠠᠯᠠᠵᠤ ᠵᠠᠰᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠴᠢᠬᠤᠯᠠ ᠶᠡᠭᠡ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ | ᠨᠠᠮ ᠤᠨ ᠲᠥᠪ ᠬᠤᠷᠢᠶ᠎ᠠ ᠳᠤ ᠰᠠᠶᠢᠲᠤᠷ ᠳᠠᠩᠰᠠ ᠲᠤᠰᠢᠶᠠᠵᠤ᠂ ᠠᠷᠠᠳ ᠣᠯᠠᠨ ᠳᠤ ᠰᠠᠶᠢᠲᠤᠷ ᠬᠠᠭᠤᠳᠠᠰᠤ | ᠲᠤᠰᠢᠶᠠᠬᠤ ᠬᠡᠷᠡᠭᠲᠡᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠬᠤᠷᠠᠯ ᠳᠤ ᠣᠷᠣᠯᠴᠠᠵᠠᠢ᠃ |