ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ ᠪᠤᠯᠪᠠᠰᠤᠷᠠᠭᠤᠯᠤᠯ ᠤᠨ ᠠᠩᠭᠢ ᠪᠤᠭᠤᠲᠤ ᠳᠤ ᠶᠠᠪᠤᠭᠳᠠᠪᠠ
ᠨᠡᠶᠢᠲᠡᠯᠡᠭᠰᠡᠨ ᠴᠠᠭ᠄
2024/5/24
   5 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠪᠤᠭᠤᠲᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠪᠥᠬᠦ ᠣᠷᠣᠨ ᠤ ᠣᠶ ᠰᠢᠭᠤᠶ  ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ ᠪᠤᠯᠪᠠᠰᠤᠷᠠᠭᠤᠯᠤᠯ ᠤᠨ ᠠᠩᠭᠢ ᠪᠤᠭᠤᠲᠤ ᠬᠤᠲᠠ ᠳᠤ ᠶᠠᠪᠤᠭᠳᠠᠪᠠ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠤᠯᠤᠰ ᠤᠨ ︽ᠬᠤᠤᠰ ᠨᠡᠭᠦᠷᠡᠰᠦᠳᠦᠷᠦᠭᠴᠢ︾᠎ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠠᠯᠵᠢᠶ᠎ᠠ ᠶᠢ ᠲᠦᠷᠭᠡᠳᠬᠡᠨ ᠠᠬᠢᠭᠤᠯᠬᠤ᠂ ᠠᠮᠢ ᠠᠬᠤᠶ ᠶᠢᠨ ᠦᠨ᠎ᠡ ᠥᠷᠲᠡᠭ ᠢ ᠤᠯᠠᠷᠢᠭᠤᠯᠬᠤ ᠶᠢ ᠠᠬᠢᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ ᠲᠤᠰᠬᠠᠶ ᠮᠡᠷᠭᠡᠵᠢᠯ ᠤᠨ ᠬᠦᠴᠦᠨ ᠢ ᠬᠥᠮᠦᠵᠢᠭᠦᠯᠵᠤ᠂ ᠮᠠᠨ ᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠨᠡᠭᠡᠭᠡᠯᠲᠡ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠤᠨ ᠬᠠᠷᠢᠭᠤᠴᠠᠯᠭᠠᠲᠠᠨ ᠨᠥᠬᠦᠳ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ 100 ᠰᠢᠬᠠᠮ ᠬᠦᠮᠦᠨ ᠤᠷᠤᠯᠴᠠᠪᠠ᠃
W020240522390642177816_ORIGIN.jpg
   ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠭᠦᠸᠧ ᠴᠢᠩ ᠵᠢᠶᠦ᠋ᠨ ᠤᠷᠢᠯᠭ᠎ᠠ ᠪᠠᠷ ᠪᠤᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠢᠶᠠᠩ ᠨᠥᠬᠦᠷ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠪᠢᠨ ᠨᠥᠬᠦᠷ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠶ ᠢᠨᠵᠧᠨᠧᠷ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠲᠣᠪᠴᠢᠶ᠎ᠠ ᠶᠢᠨ ᠬᠠᠷᠢᠭᠤᠴᠠᠯᠭᠠᠲᠠᠨ ᠺᠠᠩ ᠬᠤᠩ ᠨᠥᠬᠦᠷ ᠬᠤᠷᠠᠯ ᠢ ᠡᠷᠭᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠥᠬᠦᠶ ᠲᠢᠩᠬᠢᠮ ᠲᠣᠪᠴᠢᠶ᠎ᠠ᠂ ᠡᠯ᠎ᠡ ᠠᠶᠢᠮᠠᠭ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠ ᠲᠤᠬᠠᠶᠢᠯᠠᠭᠰᠠᠨ ᠠᠵᠢᠯ ᠤᠨ ᠭᠤᠤᠯᠯᠠᠭᠴᠢ ᠨᠥᠬᠦᠳ ᠬᠤᠷᠠᠯ ᠳᠤ ᠤᠷᠤᠯᠴᠠᠪᠠ᠃    ᠪᠤᠯᠪᠠᠰᠤᠷᠠᠭᠤᠯᠤᠯ ᠡᠬᠢᠯᠡᠬᠦ ᠶᠣᠰᠣᠯᠠᠯ ᠳᠡᠭᠡᠷ᠎ᠡ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠪᠢᠨ ᠢᠯᠡᠷᠬᠡᠶᠢᠯᠡᠬᠦ ᠳᠡᠭᠡᠨ᠂ ᠪᠤᠭᠤᠲᠤ ᠬᠤᠲᠠ ᠤᠯᠤᠰ ᠤᠨ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠲᠤᠷᠰᠢᠯᠲᠠ ᠶᠢᠨ ᠬᠤᠲᠠ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ  ᠬᠤᠷᠠᠭᠤᠯᠬᠤ ᠠᠷᠠᠯᠵᠢᠶᠠᠨ ᠤ ᠲᠤᠷᠰᠢᠯᠲᠠ ᠶᠢᠨ ᠴᠢᠭ ᠪᠣᠯᠤᠭᠰᠠᠨ ᠤ ᠬᠤᠪᠢ ᠳᠤ᠂ ᠬᠤᠶᠠᠷ ᠵᠢᠯ ᠭᠠᠷᠤᠶ ᠶᠢᠨ ᠬᠠᠶᠢᠨ ᠰᠥᠪᠡᠭᠴᠢᠯᠡᠯᠲᠡ ᠶᠢᠨ ᠦᠢᠯᠡᠳᠦᠯᠭᠡ ᠪᠠᠷ ᠳᠡᠮᠵᠢᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠬᠡᠮᠵᠢᠶ᠎ᠡ ᠶᠢ ᠬᠢᠨᠠᠨ ᠬᠡᠮᠵᠢᠬᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠡᠳ᠋ ᠬᠥᠷᠥᠩᠭᠡ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠭᠤᠯᠬᠤ ᠮᠥᠩᠭᠦᠨ  ᠭᠦᠢᠯᠭᠡᠭᠡᠨ ᠤ ᠳᠠᠭᠠᠳᠬᠠᠯ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠣᠨ ᠪᠦᠰᠡ ᠠᠯᠤᠰᠯᠠᠨ ᠬᠠᠮᠲᠤᠷᠠᠯᠴᠠᠬᠤ ᠵᠡᠷᠭᠡ ᠲᠠᠯ᠎ᠠ ᠪᠠᠷ ᠤᠷᠢᠳ ᠢᠶᠠᠷ ᠲᠤᠷᠰᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ ᠱᠠᠲᠤ ᠦᠶᠡᠴᠢ ᠴᠢᠨᠠᠷᠳᠠᠢ ᠠᠬᠢᠴᠠ ᠲᠠᠢ ᠪᠤᠯᠪᠠ᠃     ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠲᠤᠷᠰᠢᠯᠲᠠ ᠶᠢᠨ ᠴᠢᠭ ᠤᠨ ᠳᠠᠶᠢᠴᠢᠯᠠᠬᠤ  ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠵᠢᠯᠣᠭᠤᠳᠣᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ 
 W020240522390642205673_ORIGIN.jpg
     ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠮᠠ ᠴᠢᠶᠠᠩ ᠵᠢᠭᠠᠵᠤ ᠭᠠᠷᠭᠠᠭᠰᠠᠨ ᠨᠢ᠂ ᠪᠥᠬᠦ ᠣᠷᠣᠨ ᠤ ᠣᠶ ᠰᠢᠭᠤᠶ ᠶᠢᠨ ᠲᠠᠯᠠᠪᠠᠶ 3.57 ᠳ᠋ᠦᠩᠰᠢᠭᠤᠷ ᠮᠥ᠂ ᠨᠤᠲᠤᠭ ᠪᠡᠯᠴᠢᠭᠡᠷ 8.15 ᠳ᠋ᠦᠩᠰᠢᠭᠤᠷ ᠮᠥ᠂ ᠴᠢᠭᠢᠭᠯᠢᠭ ᠭᠠᠵᠠᠷ 7300 ᠲᠦᠮᠡᠨ ᠮᠥ ᠪᠠᠶᠢᠵᠤ᠂ ᠲᠣᠰ ᠲᠣᠰ ᠪᠥᠬᠦ ᠤᠯᠤᠰ ᠤᠨ ᠨᠢᠭᠡᠳᠦᠭᠡᠷ᠂ ᠬᠤᠶᠠᠳᠤᠭᠠᠷ᠂ ᠳᠥᠷᠪᠡᠳᠦᠭᠡᠷ ᠲᠤ ᠣᠷᠣᠵᠤ᠂ ᠮᠠᠨ ᠤ ᠤᠯᠤᠰ ᠤᠨ ᠤᠮᠠᠷᠠᠲᠤ ᠶᠢᠨ ᠬᠠᠮᠤᠭ ᠤᠨ ᠶᠡᠭᠡ ᠠᠮᠢ ᠠᠬᠤᠶ ᠶᠢᠨ ᠨᠡᠭᠦᠷᠡᠰᠦᠲᠥ᠋ᠷᠥᠭᠴᠢ ᠶᠢᠨ ᠬᠥᠮᠥᠷᠭᠡ ᠪᠣᠯᠵᠠᠶ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠤᠨ 2 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠣᠪᠴᠢᠶ᠎ᠠ ᠪᠠᠶᠢᠭᠤᠯᠬᠤ ᠶᠢ ᠵᠥᠪᠰᠢᠶᠡᠷᠡᠵᠦ᠂ ᠪᠥᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠡᠨᠡ ᠪᠣᠯ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢᠬᠢ ᠠᠩᠬᠠᠳᠠᠭᠴᠢ ᠠᠵᠢᠯ ᠲᠥᠷᠥᠯ ᠤᠨ ᠪᠣᠯᠪᠠᠰᠤᠷᠠᠭᠤᠯᠤᠯ ᠪᠣᠯᠤᠨ᠎ᠠ᠂ ᠡᠨᠡ ᠨᠢ ᠲᠤᠰᠬᠠᠶᠢᠯᠠᠨ ᠤᠯᠤᠰ ᠤᠨ ᠳᠣᠲᠣᠭᠠᠳᠤ ᠶᠢᠨ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠦᠷᠢᠶᠡᠨ ᠳᠠᠬᠢ ᠠᠵᠢᠯ ᠲᠥᠷᠥᠯ ᠤᠨ ᠤᠳᠤᠷᠢᠳᠤᠯᠭ᠎ᠠ ᠪᠠ ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠲᠠᠢ ᠬᠢᠭᠰᠡᠨ ᠪᠦᠭᠡᠳ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠬᠢᠨᠠᠨ ᠲᠣᠭᠲᠠᠭᠠᠵᠤ ᠬᠢᠨᠠᠨ ᠬᠠᠷᠭᠤᠭᠤᠯᠬᠤ᠂ ᠬᠢᠨᠠᠨ ᠬᠡᠮᠵᠢᠬᠦ ᠪᠠ ᠳᠠᠩᠰᠠᠯᠠᠭᠤᠯᠵᠤ ᠠᠷᠠᠯᠵᠢᠶᠠᠯᠠᠬᠤ ᠪᠥᠬᠦ ᠶᠠᠪᠤᠴᠠ ᠶᠢᠨ ᠲᠠᠨᠢᠯᠴᠠᠭᠤᠯᠭ᠎ᠠ ᠬᠢᠵᠦ᠂ ᠨᠢᠭᠡ ᠤᠳᠠᠭᠠᠨ ᠤ  ᠦᠨᠳᠦᠷ ᠲᠦᠪᠰᠢᠨ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠤᠯᠤᠭᠰᠠᠨ ᠪᠠᠶᠢᠨ᠎ᠠ᠃     ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠮᠢ ᠠᠬᠤᠶ ᠶᠢᠨ ᠬᠠᠮᠠᠭᠠᠯᠠᠯᠲᠠ ᠰᠡᠷᠭᠦᠭᠡᠯᠲᠡ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠭᠦᠸᠧ ᠴᠢᠩ ᠵᠢᠶᠦ᠋ᠨ᠂ ᠬᠤᠤᠰ ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠦᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠤ ᠪᠣᠳᠣᠯᠭ᠎ᠠ ᠮᠥᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠠᠶᠢᠯᠠᠰᠢ ᠥᠬᠡᠶ ᠱᠠᠭᠠᠷᠳᠠᠯᠭ᠎ᠠ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠴᠢᠳᠠᠪᠤᠷᠢ ᠶᠢ ᠪᠠᠬᠢᠵᠢᠭᠦᠯᠬᠦ ᠠᠵᠢᠯᠯᠠᠭ᠎ᠠ ᠶᠢ ᠢᠳᠡᠪᠬᠢᠲᠡᠶ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ ᠵᠦᠢᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠠᠬᠢᠭᠤᠯᠵᠤ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ᠂ ᠣᠶ ᠰᠢᠭᠤᠶ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠨᠡᠯᠢᠶᠡᠳ ᠰᠠᠶᠢᠨ ᠠᠮᠵᠢᠯᠲᠠ ᠪᠦᠲᠦᠮᠵᠢ ᠣᠯᠵᠠᠶ᠂ ᠡᠭᠦᠨ ᠢ ᠨᠤᠲᠠᠯᠠᠭᠤᠰᠢᠲᠠᠶ ᠶᠤᠮ᠃     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠨᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ  ᠬᠤᠷᠠᠭᠤᠯᠬᠤ ᠪᠠᠶᠢᠯᠳᠤᠬᠤ ᠪᠣᠳᠣᠯᠭ᠎ᠠ ᠳᠠᠬᠢ ︽ᠰᠠᠭᠤᠷᠢ ᠴᠢᠯᠠᠭᠤ︾᠎ ᠶᠢᠨ ᠦᠢᠯᠡᠳᠦᠯ ᠢ ᠪᠠᠳᠠᠷᠠᠭᠤᠯᠬᠤ ᠪᠠᠷ ᠡᠭᠦᠷᠭᠡ ᠪᠣᠯᠭᠠᠵᠤ᠂ ︽ᠰᠠᠭᠤᠷᠢ ᠲᠠᠯᠪᠢᠬᠤ᠂ ᠬᠠᠮᠢᠶᠠᠷᠤᠯᠲᠠ ᠪᠠᠨ ᠴᠢᠩᠭᠠᠳᠬᠠᠬᠤ᠂ ᠡᠳ᠋ ᠬᠥᠷᠥᠩᠭᠡ ᠪᠠᠨ ᠲᠣᠳᠣᠷᠬᠠᠶᠢᠯᠠᠬᠤ᠂ ᠲᠥᠷᠥᠯ ᠵᠦᠢᠯ ᠭᠠᠷᠭᠠᠬᠤ︾᠎ ᠶᠢᠨ ᠲᠣᠭᠤᠷᠢᠨ ᠳᠤ᠂ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠠᠵᠢᠯ ᠤᠨ ᠬᠥᠭᠵᠢᠯᠲᠡ ᠶᠢ ᠪᠥᠬᠦ ᠬᠦᠴᠦᠨ ᠢᠶᠠᠷ ᠳᠥᠯᠭᠢᠨ ᠠᠬᠢᠭᠤᠯᠪᠠ᠃     2023 ᠣᠨ ᠠᠴᠠ ᠨᠠᠰᠢ ᠪᠥᠬᠦ ᠣᠷᠣᠨ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠥᠷᠥᠯ ᠵᠦᠢᠯ ᠢ ᠨᠡᠶᠢᠲᠡ 17 ᠨᠡᠭᠡᠭᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠷᠠᠯᠵᠢᠶ᠎ᠠ ᠶᠢ 103.5 ᠲᠦᠮᠡᠨ ᠲᠣᠨ ᠪᠡᠶᠡᠯᠡᠭᠦᠯᠵᠦ᠂ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ 3209.5 ᠲᠦᠮᠡᠨ ᠲᠥᠭᠦᠷᠢᠭ ᠲᠤ ᠬᠦᠷᠴᠦ᠂ ᠰᠢᠨ᠎ᠡ ᠰᠢᠪᠲᠤᠯᠤᠯᠲᠠ ᠪᠠ ᠨᠡᠯᠢᠶᠡᠳ ᠰᠠᠶᠢᠨ ᠠᠮᠵᠢᠯᠲᠠ ᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号