ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠬᠡᠭᠵᠢᠯ ᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠴᠢᠭ ᠤᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2024/5/24
     5 ᠰᠠᠷ᠎ᠠ ᠶᠢᠨ 20᠎ ᠤ ᠡᠳᠦᠷ᠂ ᠪᠦᠬᠦ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠲᠤᠷᠰᠢᠯᠲᠠ ᠶᠢᠨ ᠴᠢᠭ ᠤᠨ ᠠᠵᠢᠯ ᠤᠨ ᠪᠤᠯᠪᠠᠰᠤᠷᠠᠭᠤᠯᠤᠯ ᠤᠨ ᠬᠤᠷᠠᠯ ᠸᠢᠳᠢᠣ᠋ ᠬᠡᠯᠪᠡᠷᠢ ᠪᠠᠷ ᠪᠡᠭᠡᠵᠢᠩ ᠳᠤ ᠬᠤᠷᠠᠯᠳᠤᠪᠠ᠃ ᠬᠤᠷᠠᠯ ᠠᠴᠠ 5 ᠰᠠᠷ᠎ᠠ ᠶᠢᠨ 8᠎ ᠤ ᠡᠳᠦᠷ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠰᠠᠶᠢᠳ ᠸᠠᠩ ᠭᠤᠸᠠᠩ ᠬᠤᠸᠠ ᠶᠢᠨ ᠪᠦᠬᠦ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠴᠢᠭᠢᠭᠯᠢᠭ ᠭᠠᠵᠠᠷ ᠤᠨ ᠴᠦᠯᠯᠡᠷᠭᠡᠭᠵᠢᠯ ᠢ ᠨᠡᠶᠢᠳᠡᠮ ᠪᠠᠶᠢᠴᠠᠭᠠᠬᠤ ᠠᠵᠢᠯ ᠤᠨ ᠡᠬᠢᠯᠡᠯᠲᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ᠂ ᠵᠧᠵᠢᠶᠠᠩ᠂ ᠱᠠᠨᠳᠦ᠋ᠩ᠂ ᠾᠧᠨᠠᠨ᠂ ᠬᠤᠨᠠᠨ᠂ ᠭᠤᠸᠠᠩᠳᠦ᠋ᠩ᠂ ᠴᠦᠩᠴᠢᠩ᠂ ᠰᠧᠴᠤᠸᠠᠨ᠂ ᠶᠦᠨᠨᠠᠨ᠂ ᠱᠠᠨᠰᠢ᠂ ᠨᠢᠩᠰᠢᠶᠠ᠂ ᠰᠢᠨᠵᠢᠶᠠᠩ ᠵᠡᠷᠭᠡ 12 ᠲᠤᠷᠰᠢᠯᠲᠠ ᠶᠢᠨ ᠮᠤᠵᠢ ︵ᠣᠷᠣᠨ᠂ ᠬᠤᠳᠠ︶ ᠲᠤᠬᠠᠢ ᠶᠢᠨ ᠲᠠᠯᠠᠪᠠᠢ ᠳᠤ ᠬᠠᠷᠢᠭᠤ ᠮᠡᠳᠡᠭᠦᠯᠦᠯᠲᠡ ᠬᠢᠪᠡ᠃ ᠡᠯ᠎ᠡ ᠲᠤᠷᠰᠢᠯᠲᠠ ᠶᠢᠨ ᠴᠢᠭ ᠤᠨ ᠮᠤᠵᠢ ᠶᠢᠨ ᠣᠶ ᠰᠢᠭᠤᠶ ᠨᠤᠲᠤᠭ ᠪᠡᠯᠴᠢᠭᠡᠷ ᠪᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠬᠠᠮᠢᠶ᠎ᠠ ᠪᠥᠬᠦᠶ ᠭᠠᠵᠠᠷ᠂ ᠬᠤᠶᠠᠳᠤᠭᠠᠷ ᠳᠡᠰ ᠤᠨ ᠨᠢᠭᠡᠴᠢ ᠵᠢᠴᠢ ᠲᠤᠷᠰᠢᠯᠲᠠ ᠶᠢᠨ ᠴᠢᠭ ᠤᠨ ᠬᠤᠰᠢᠭᠤ ᠰᠢᠶᠠᠨ ᠤ ᠭᠤᠤᠯ ᠬᠠᠷᠢᠭᠤᠴᠠᠯᠭᠠᠲᠠᠨ ᠨᠥᠬᠦᠳ᠂ ᠮᠡᠷᠭᠡᠵᠢᠯ ᠤᠨ ᠭᠤᠤᠯᠯᠠᠭᠴᠢ ᠬᠦᠴᠦᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠶ᠃ ᠬᠤᠷᠠᠯ ᠠᠴᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠤᠰ ᠤᠳᠠᠭ᠎ᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠭᠦᠷᠭᠡ ᠬᠦᠨᠳᠦ᠂ ᠣᠷᠣᠯᠴᠠᠬᠤ ᠬᠥᠮᠦᠨ ᠤᠯᠠᠨ ᠪᠠᠶᠢᠨ᠎ᠠ᠂ ᠪᠠᠶᠢᠭᠠᠯᠢ ᠶᠢᠨ ᠡᠬᠢ ᠪᠠᠶᠠᠯᠢᠭ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠬᠤᠶᠠᠷ ᠰᠠᠯᠠᠭ᠎ᠠ ᠮᠥᠴᠢᠷ ᠬᠠᠮᠵᠢᠯᠴᠠᠨ ᠠᠬᠢᠭᠤᠯᠬᠤ ᠪᠠ ᠬᠠᠮᠲᠤ ᠪᠠᠷ ᠮᠠᠭᠠᠳᠯᠠᠨ ᠲᠣᠭᠲᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠲᠤᠷᠰᠢᠯᠲᠠ ᠪᠠᠷ ᠳᠠᠮᠵᠢᠭᠤᠯᠤᠨ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠰᠠᠭᠤᠷᠢ ᠶᠢ ᠰᠠᠶᠢᠲᠤᠷ ᠲᠠᠯᠪᠢᠬᠤ ᠬᠡᠷᠡᠭᠳᠡᠢ ᠭᠡᠵᠡᠢ᠃
W020240521611138894497_ORIGIN.jpg
    ᠬᠤᠷᠠᠯ ᠠᠴᠠ᠂ ᠠᠵᠢᠯ ᠤᠨ ᠭᠤᠣᠯᠳᠠᠯᠭ᠎ᠠ ᠶᠢ ᠠᠳᠬᠤᠵᠤ᠂ ᠵᠣᠬᠢᠴᠠᠩᠭᠤᠢ ᠥᠨᠳᠥᠷ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠵᠠᠩᠭᠢᠯᠠᠭ᠎ᠠ ᠶᠢ ᠠᠳᠬᠤᠵᠤ᠂ ᠲᠤᠷᠰᠢᠯᠲᠠ ᠶᠢᠨ ᠴᠢᠭ ᠤᠨ ᠠᠵᠢᠯ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠲᠤᠷᠰᠢᠯᠲᠠ ᠶᠢᠨ ᠴᠢᠭ ᠤᠨ ᠠᠵᠢᠯ ᠢ ᠤᠷᠢᠳ ᠢᠶᠠᠷ ᠬᠢᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠷᠠᠯ ᠠᠴᠠ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠶᠢᠨ ᠰᠦᠪᠡᠭᠴᠢᠯᠡᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠦᠨᠳᠦᠰᠦᠨ ᠪᠠᠲᠤᠯᠠᠭ᠎ᠠ ᠶᠢ ᠴᠢᠩᠭᠠᠳᠬᠠᠵᠤ᠂ ᠲᠤᠷᠰᠢᠯᠲᠠ ᠶᠢᠨ ᠠᠵᠢᠯ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ ᠬᠡᠵᠦ ᠱᠠᠭᠠᠷᠳᠠᠪᠠ᠃ 
W020240521611138923774_ORIGIN.jpg
    5 ᠰᠠᠷ᠎ᠠ ᠶᠢᠨ 21᠎ ᠤ ᠡᠳᠦᠷ᠂ ᠲᠤᠷᠰᠢᠯᠲᠠ ᠶᠢᠨ ᠴᠢᠭ ᠤᠨ ᠪᠣᠯᠪᠠᠰᠤᠷᠠᠭᠤᠯᠤᠯ ᠤᠨ ᠬᠤᠷᠠᠯ ᠳᠡᠭᠡᠷ᠎ᠡ ᠮᠠᠨ ᠤ ᠣᠷᠣᠨ ᠤ ᠬᠡᠰᠢᠭᠲᠡᠨ ᠬᠤᠰᠢᠭᠤ ᠵᠡᠷᠭᠡ 2 ᠰᠢᠶᠠᠨ ᠤ ᠱᠠᠲᠤ ᠪᠠᠷ ᠥᠯᠢᠭᠡᠷ ᠳᠠᠭᠤᠷᠢᠶᠠᠯ ᠪᠣᠯᠭᠠᠵᠤ᠂ ᠪᠢᠯᠵᠤᠤᠬᠠᠶ ᠲᠤᠶᠠᠴᠢᠬᠤ ᠬᠡᠯᠪᠡᠷᠢ ᠪᠠᠷ ᠨᠢᠭᠡᠳᠦᠯ ᠥᠬᠡᠶ ᠵᠢᠷᠤᠭ ᠲᠣᠯᠪᠤ ᠶᠢ ᠵᠠᠳᠠᠯᠬᠤ ᠪᠠᠷ ᠳᠠᠮᠵᠢᠭᠤᠯᠤᠨ ᠪᠣᠳᠠᠲᠠᠶ ᠠᠵᠢᠯᠯᠠᠭᠠᠨ ᠤ ᠪᠣᠯᠪᠠᠰᠤᠷᠠᠭᠤᠯᠤᠯ ᠢ ᠴᠢᠩᠭᠠᠳᠬᠠᠪᠠ᠃ ᠣᠳᠣᠬᠠᠨ ᠳᠤ᠂ ᠮᠠᠨ ᠤ ᠣᠷᠣᠨ ᠤ 3 ᠭᠠᠵᠠᠷ ᠣᠷᠣᠨ ᠢ ᠪᠥᠬᠦ ᠤᠯᠤᠰ ᠤᠨ ᠲᠤᠷᠰᠢᠯᠲᠠ ᠶᠢᠨ ᠴᠢᠭ ᠲᠤ ᠣᠷᠣᠭᠤᠯᠪᠠ᠃ ᠲᠠᠷᠠᠭᠠᠴᠢ ᠶᠢᠨ ᠠᠯᠬᠤᠮ ᠳᠤ᠂ ᠲᠤᠷᠰᠢᠯᠲᠠ ᠶᠢᠨ ᠭᠠᠵᠠᠷ ᠣᠷᠣᠨ ᠤ ᠠᠵᠢᠯ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠪᠠᠶᠢᠷᠢᠯᠠᠭᠤᠯᠬᠤ ᠪᠠ ᠮᠡᠷᠭᠡᠵᠢᠯ ᠤᠨ ᠪᠣᠯᠪᠠᠰᠤᠷᠠᠭᠤᠯᠤᠯ ᠵᠢᠭᠠᠨ ᠵᠢᠯᠣᠭᠤᠳᠬᠤ ᠶᠢ ᠲᠦᠷᠭᠡᠳᠬᠡᠵᠦ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠲᠤᠷᠰᠢᠯᠲᠠ ᠴᠢᠭ ᠤᠨ ᠠᠵᠢᠯ ᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠡᠶᠡᠯᠡᠭᠦᠯᠵᠦ᠂ ᠲᠤᠷᠰᠢᠯᠲᠠ ᠶᠢᠨ ᠠᠵᠢᠯ ᠤᠨ ᠲᠤᠷᠰᠢᠯᠭ᠎ᠠ ᠶᠢ ᠬᠢᠨᠠᠮᠠᠭᠠᠶ ᠳ᠋ᠦᠩᠨᠡᠨ᠂ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠴᠢᠭᠢᠭᠯᠢᠭ ᠭᠠᠵᠠᠷ ᠢ ᠨᠡᠶᠢᠳᠡᠮ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号