ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠶᠡᠷᠦᠩᠬᠡᠶ ᠥᠷᠲᠡᠭᠡ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/27
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠎ ᠶᠢᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ 5 ᠰᠠᠷ᠎ᠠ ᠶᠢᠨ 24᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠶᠡᠷᠦᠩᠬᠡᠶ ᠥᠷᠲᠡᠭᠡ ᠶᠢᠨ ᠨᠠᠮ ᠤᠨ ᠡᠭᠦᠷ ᠪᠥᠬᠦ ᠥᠷᠲᠡᠭᠡ ᠶᠢᠨ ᠨᠠᠮ ᠤᠨ ᠭᠡᠰᠢᠭᠦᠨ᠂ ᠺᠠᠳ᠋ᠷᠴᠤᠳ ᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠢ ᠲᠣᠭᠤᠷᠢᠨ ᠦᠵᠡᠵᠦ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃     ᠦᠵᠡᠰᠭᠦᠯᠡᠩ ᠤᠨ ᠣᠷᠳᠣᠨ ᠤ ᠶᠡᠭᠡ ᠲᠢᠩᠬᠢᠮ ᠳᠤ ᠭᠤᠴᠤ ᠰᠠᠶᠢᠬᠠᠨ ᠤᠷᠠᠨ ᠵᠢᠷᠤᠭ᠂ ᠤᠷᠠᠨ ᠪᠢᠴᠢᠯᠭᠡ ᠶᠢᠨ ᠪᠦᠲᠦᠭᠡᠭᠳᠡᠬᠦᠨ ᠮᠠᠰᠢ ᠤᠯᠠᠨ ᠬᠠᠷᠠᠭᠳᠠᠨ᠎ᠠ᠃ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾ ᠵᠢᠷᠤᠭ ᠲᠤ ᠦᠨᠳᠦᠰᠦᠲᠡᠨ ᠤ ᠶᠡᠭᠡ ᠬᠠᠶᠢᠷ᠎ᠠ ᠶᠢ ᠬᠠᠷᠠᠭᠤᠯᠵᠤ ᠪᠣᠶ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾᠎ ᠨᠢ ᠪᠦᠯᠬᠦᠮᠳᠡᠨ ᠲᠡᠮᠡᠴᠡᠬᠦ ᠵᠣᠷᠢᠭ ᠰᠠᠨᠠᠭ᠎ᠠ ᠶᠢ ᠬᠠᠷᠠᠭᠤᠯᠵᠤ ᠪᠠᠶᠢᠳᠠᠭ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ- ᠡᠭᠡᠴᠢ ᠥᠬᠢᠨ ᠳᠡᠭᠦᠦ︾ ᠨᠡᠶᠢᠲᠡᠴᠢ ᠦᠵᠡᠯ ᠤᠨ ᠬᠡᠷᠡᠯ ᠭᠢᠯᠪᠠᠭ᠎ᠠ ᠶᠢ ᠬᠠᠷᠠᠭᠤᠯᠤᠭᠰᠠᠨ ᠪᠠᠶᠢᠨ᠎ᠠ᠃ 195 ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠨᠢ ᠤᠷᠠᠯᠢᠭ ᠤᠨ ᠬᠡᠯᠪᠡᠷᠢ ᠪᠠᠷ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠳᠣ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠥᠷᠭᠡᠨ ᠳᠡᠯᠭᠡᠷ ᠬᠠᠷᠢᠯᠴᠠᠭ᠎ᠠ ᠪᠣᠯᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠪᠢᠴᠢᠭᠯᠡᠨ ᠵᠢᠷᠤᠭᠯᠠᠵᠠᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠭᠦᠨᠵᠡᠭᠡᠶ ᠲᠤᠭᠤᠰᠢᠯᠠᠭᠤᠯᠤᠨ ᠪᠠᠬᠢᠵᠢᠭᠦᠯᠬᠦ ᠠᠵᠢᠯ ᠤᠨ ᠭᠤᠤᠯ ᠰᠢᠵᠢᠮ ᠳᠤ ᠢᠳᠡᠪᠬᠢᠲᠡᠶ ᠠᠬᠢᠭᠤᠯᠬᠤ  ᠦᠢᠯᠡᠳᠦᠯ ᠲᠠᠢ᠃     ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠡᠮᠵᠢᠨ᠂ ᠪᠥᠬᠦ ᠥᠷᠲᠡᠭᠡᠨ ᠤ ᠨᠠᠮ ᠤᠨ ᠭᠡᠰᠢᠭᠦᠨ᠂ ᠺᠠᠳ᠋ᠷᠴᠤᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠤᠭᠳᠠᠬᠤᠨ ᠪᠠ ᠱᠠᠭᠠᠷᠳᠠᠯᠭ᠎ᠠ ᠶᠢ ᠨᠠᠩ ᠲᠣᠳᠣᠷᠬᠠᠶ ᠤᠶᠢᠯᠠᠭᠠᠨ ᠡᠵᠡᠮᠰᠢᠵᠦ᠂ ︽ᠭᠤᠷᠪᠠᠨ ᠰᠠᠯᠵᠤ ᠪᠤᠯᠤᠰᠢ ᠥᠬᠡᠶ︾᠂ ︽ᠳᠥᠷᠪᠡ ᠶᠢ ᠬᠠᠮᠲᠤ ᠪᠠᠷ ᠡᠳ᠋ᠯᠡᠬᠦ︾᠂ ︽ᠲᠠᠪᠤᠨ ᠬᠠᠮᠲᠤ ᠶᠢᠨ ᠲᠠᠨᠢᠯᠲᠠ︾᠎ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠠᠶ᠃     ᠤᠯᠠᠨ ᠢᠶᠠᠷ ᠢᠶᠠᠨ᠂ ᠴᠠᠭ ᠢᠮᠠᠭᠲᠠ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠤᠣᠯ ᠰᠢᠵᠢᠮ ᠢ ᠪᠠᠲᠤ ᠴᠣᠭᠴᠠᠯᠠᠬᠤ ᠶᠢ ᠪᠦᠬᠦ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠬᠦᠨᠦᠭᠡᠯᠲᠦ ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠢᠵᠢᠭ ᠪᠠᠶᠢᠴᠠᠭᠠᠬᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠵᠤ᠂ ᠮᠠᠯᠴᠢᠨ ᠲᠠᠷᠢᠶᠠᠴᠢᠨ ᠤ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢ ᠨᠡᠩ ᠪᠠᠲᠤᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ᠪᠦᠬᠦ ᠲᠠᠯ᠎ᠠ ᠶᠢᠨ ᠪᠦᠳᠦᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠤᠢ ᠰᠢᠭᠤᠢ ᠨᠤᠲᠤᠭ ᠪᠡᠯᠴᠢᠭᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ︕
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号