| | ᠴᠢᠬᠡᠴᠢ ᠪᠣᠯ ᠵᠠᠰᠠᠭ ᠪᠠᠷᠢᠬᠤ ᠶᠢᠨ ᠦᠨᠳᠦᠰᠦ ᠪᠤᠯᠠᠢ᠃ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠡᠷᠬᠡ ᠪᠠᠨ | ᠭᠤᠣᠯᠴᠢ ᠪᠠᠷ ᠬᠡᠷᠡᠭᠯᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠰᠢᠯᠢᠳᠡᠭ ᠰᠤᠷᠲᠠᠯ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠨᠠᠮ ᠤᠨ ᠭᠡᠰᠢᠭᠦᠨ ᠺᠠᠳ᠋ᠷ ᠤᠨ ᠠᠷᠢᠭᠤᠨ ᠴᠢᠬᠡᠴᠢ ᠪᠠᠷ ᠪᠡᠶ᠎ᠡ ᠪᠠᠨ | ᠱᠠᠭᠠᠷᠳᠠᠬᠤ ᠤᠬᠠᠮᠰᠠᠷ ᠢ ᠦᠷᠭᠦᠯᠵᠢᠯᠡᠨ ᠪᠠᠬᠢᠵᠢᠭᠦᠯᠵᠦ᠂ ᠢᠯᠵᠢᠷᠡᠯ ᠢ ᠡᠰᠡᠷᠭᠦᠴᠡᠵᠦ ᠦᠵᠡᠯ ᠰᠠᠨᠠᠭᠠᠨ ᠤ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 5 ᠰᠠᠷ᠎ᠠ ᠶᠢᠨ 22 ᠤᠨ ᠡᠳᠦᠷ | ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠶᠡᠷᠦᠩᠬᠡᠢ ᠦᠷᠳᠡᠭᠡ ᠠᠴᠠ | ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ︽ᠦᠷᠭᠦᠯᠵᠢᠯᠡᠨ ᠬᠦᠴᠦᠯᠡᠵᠦ ᠭᠦᠨᠵᠡᠭᠡᠶᠢᠷᠡᠨ | ᠠᠬᠢᠭᠤᠯᠰᠤᠭᠠᠢ︾ ᠭᠡᠬᠦ ᠲᠤᠰᠬᠠᠢ ᠰᠡᠳᠦᠪᠲᠦ ᠹᠢᠯᠢᠮ ᠤᠨ 3 ᠳ᠋ᠤᠭᠠᠷ ᠪᠦᠯᠦᠭ ︽ᠰᠤᠷᠲᠠᠯ ᠢ ᠴᠡᠭᠴᠡᠯᠡᠵᠦ ᠰᠠᠬᠢᠯᠭ᠎ᠠ | ᠪᠠᠲᠤ ᠶᠢ ᠴᠢᠩᠳᠠᠯᠠᠬᠤ ᠶᠢ ᠴᠢᠩᠭᠠᠳᠬᠠᠶ᠎ᠠ︾ ᠶᠢ ᠰᠣᠨᠢᠷᠬᠠᠭᠤᠯᠪᠠ᠃ | ᠲᠤᠰᠬᠠᠶ ᠰᠡᠳᠦᠪᠲᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠨᠢ ᠬᠡᠷᠡᠭ ᠢᠶᠠᠷ ᠰᠠᠬᠢᠯᠭ᠎ᠠ ᠪᠠᠲᠤ ᠶᠢ | ᠲᠠᠶᠢᠯᠪᠤᠷᠢᠯᠠᠵᠤ᠂ ᠪᠥᠬᠦ ᠨᠠᠮ ᠤᠨ ᠭᠡᠰᠢᠭᠦᠨ ᠺᠠᠳ᠋ᠷᠴᠤᠳ ᠲᠤ ᠠᠮᠢᠳᠤᠯᠢᠭ ᠬᠥᠮᠦᠵᠢᠯ ᠬᠦᠷᠲᠡᠭᠡᠪᠡ᠃ | ᠤᠯᠠᠨ ᠢᠶᠠᠷ ᠢᠶᠠᠨ᠂ ᠰᠠᠬᠢᠯᠭ᠎ᠠ ᠪᠠᠲᠤ ᠪᠠᠷ ᠲᠤᠯᠢ ᠪᠣᠯᠭᠠᠵᠤ᠂ ᠬᠡᠷᠡᠭ ᠢᠶᠠᠷ ᠲᠤᠯᠢ ᠪᠣᠯᠭᠠᠵᠤ᠂ ᠴᠠᠭ ᠢᠮᠠᠭᠲᠠ | ᠰᠡᠷᠡᠮᠵᠢ ᠶᠢᠨ ᠲᠤᠬᠢᠶ᠎ᠠ ᠥᠭᠴᠦ᠂ ᠶᠠᠪᠤᠳᠠᠯ ᠪᠣᠯᠭᠠᠨ ᠳᠤ ᠶᠣᠰᠣ ᠲᠦᠷᠢᠮ ᠢ ᠴᠢᠬᠤᠯᠠᠴᠢᠯᠠᠵᠤ᠂ ᠰᠠᠬᠢᠯᠭ᠎ᠠ ᠪᠠᠲᠤ | ᠶᠣᠰᠣ ᠲᠦᠷᠢᠮ ᠢ ᠠᠵᠢᠯ᠂ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠢ᠃ ᠬᠤᠷᠢᠭ᠎ᠠ ᠱᠤᠭᠤᠮ ᠢ | ᠪᠠᠲᠤ ᠰᠠᠬᠢᠵᠤ᠂ ᠢᠮᠠᠭᠲᠠ ᠲᠥᠪ ᠭᠤᠣᠯᠴᠢ ᠠᠷᠢᠭᠤᠨ ᠴᠢᠬᠡᠴᠢ ᠪᠠᠶᠢᠵᠤ᠂ ᠰᠠᠬᠢᠯᠭ᠎ᠠ ᠪᠠᠲᠤ ᠵᠢᠰᠤᠷᠤᠯᠴᠠᠨ | ᠤᠶᠢᠯᠠᠭᠠᠵᠤ᠂ ᠰᠠᠬᠢᠯᠭ᠎ᠠ ᠪᠠᠲᠤ ᠶᠢ ᠰᠠᠬᠢᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠵᠡᠯ | ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ |